﹇ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠯᠠᠪᠯᠠᠭ᠎ᠠ ᠦᠢᠯᠡᠴᠢᠯᠡᠭᠡ﹈ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠬᠤᠯᠪᠣᠭᠳᠠᠯ ᠪᠦᠬᠦᠢ ᠠᠰᠠᠭᠤᠳᠠᠯ ᠢ ᠰᠢᠯᠢᠳᠡᠭᠵᠢᠭᠦᠯᠦᠨ ᠵᠢᠷᠤᠮᠵᠢᠭᠤᠯᠪᠠ ︵2023 ᠣᠨ ᠤ ᠠᠷᠪᠠᠨ ᠳᠥᠷᠪᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2023/10/27
    ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠩᠭᠤ ᠲᠣᠬᠢᠶᠠᠯᠳᠤᠳᠠᠭ ᠠᠰᠠᠭᠤᠳᠠᠯ ᠤᠨ ᠬᠠᠷᠢᠭᠤᠯᠲᠠ ︵ 2023 ᠣᠨ ᠤ ᠠᠷᠪᠠᠨ ᠳᠥᠷᠪᠡᠳᠦᠭᠡᠷ ᠬᠤᠭᠤᠴᠠᠭ᠎ᠠ ︶    ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ   ᠢ ᠭᠦᠢᠴᠡᠳᠬᠡᠬᠦ ᠬᠤᠯᠪᠣᠭᠳᠠᠯ ᠪᠦᠬᠦᠢ ᠠᠰᠠᠭᠤᠳᠠᠯ     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠬᠤᠯᠪᠣᠭᠳᠠᠯ ᠪᠦᠬᠦᠢ ᠵᠦᠢᠯᠡᠰ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠢᠷᠤᠮᠵᠢᠭᠤᠯᠬᠤ ᠲᠤᠬᠠᠢ ᠮᠡᠳᠡᠭᠳᠡᠯ︾ ᠢ ᠨᠡᠶᠢᠲᠡᠯᠡᠵᠦ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠮᠡᠳᠡᠭᠦᠯᠬᠦ ᠬᠤᠯᠪᠣᠭᠳᠠᠯ ᠪᠦᠬᠦᠢ ᠵᠦᠢᠯᠡᠰ ᠢ ᠲᠣᠳᠣᠷᠬᠠᠢ ᠲᠣᠭᠲᠠᠭᠠᠵᠠᠢ᠃    ᠥᠷᠭᠡᠨ ᠣᠯᠠᠨ ᠠᠵᠤ ᠠᠬᠤᠶᠢᠯᠠᠯ᠂ ᠣᠯᠠᠨ ᠲᠦᠮᠡᠨ ᠳᠤ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠬᠤ ᠶᠢᠨ ᠲᠥᠯᠥᠭᠡ᠂ ᠳᠣᠣᠷ᠎ᠠ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠶᠢ ᠲᠠᠶᠢᠯᠪᠦᠷᠢ ᠬᠢᠶ᠎ᠡ᠃    ᠨᠢᠭᠡ ᠂ ᠨᠠᠶᠢᠳᠠᠵᠤ ᠬᠢᠨᠠᠨ ᠪᠠᠶᠢᠴᠠᠭᠠᠯᠭᠠᠬᠤ ᠶᠢ ᠬᠡᠷᠡᠭᠵᠢᠭᠦᠯᠵᠦ ᠂ ᠬᠢᠨᠠᠨ ᠵᠥᠪᠰᠢᠶᠡᠷᠡᠯ ᠤᠨ ᠶᠠᠪᠤᠴᠠ ᠶᠢ ᠳᠥᠭᠦᠮᠴᠢᠯᠡᠨ᠎ᠡ ᠃ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠠᠩᠬ᠎ᠠ ᠤᠳᠠᠭ᠎ᠠ ᠭᠤᠶᠤᠴᠢᠯᠠᠭᠰᠠᠨ ᠢ ᠭᠥᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠪᠠᠶᠢᠴᠠᠭᠠᠬᠤ ᠶᠠᠪᠤᠳᠠᠯ ᠢ ᠡᠯ᠎ᠡ ᠠᠶᠢᠮᠠᠭ ᠬᠤᠳᠠ ᠶᠢᠨ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ᠎ᠠ ᠃    1 ᠂ ᠠᠩᠬ᠎ᠠ ᠤᠳᠠᠭ᠎ᠠ ᠭᠤᠶᠤᠴᠢᠯᠠᠨ ᠮᠡᠳᠡᠭᠦᠯᠬᠦ᠄ ᠠᠵᠤ ᠠᠬᠤᠶᠢᠯᠠᠯ  ᠤᠨ ᠪᠠᠶᠢᠭ᠎ᠠ ᠠᠶᠢᠮᠠᠭ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠣᠷᠣᠵᠤ᠂ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠬᠤ ︵ᠨᠠᠶᠢᠳᠠᠵᠤ ᠬᠢᠨᠠᠨ ᠪᠠᠶᠢᠴᠠᠭᠠᠯᠭᠠᠬᠤ︶︾ ᠵᠦᠢᠯᠡᠰ ᠢ ᠰᠣᠩᠭᠤᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠪᠴᠠᠩ︾ ᠳᠤ ᠭᠤᠶᠤᠴᠢᠯᠠᠯ ᠤᠨ ᠮᠠᠲ᠋ᠧᠷᠢᠶᠠᠯ ᠢ ᠲᠠᠮᠵᠢᠭᠤᠯᠤᠨ᠎ᠠ ᠃    2 ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠲᠡᠬᠢᠵᠦ ᠬᠢᠨᠠᠨ ᠪᠠᠶᠢᠴᠠᠭᠠᠵᠤ ᠬᠤᠭᠤᠴᠠᠭ᠎ᠠ ᠶᠢ  ᠨᠢ ᠤᠷᠲᠤᠳᠬᠠᠬᠤ ᠪᠠ ᠲᠡᠬᠢᠵᠦ ᠬᠢᠨᠠᠨ ᠪᠠᠶᠢᠴᠠᠭᠠᠬᠤ ᠦᠭᠡᠢ ᠬᠤᠭᠤᠴᠠᠭ᠎ᠠ ᠶᠢ ᠨᠢ ᠤᠷᠲᠤᠳᠬᠠᠬᠤ ᠪᠠᠷ ᠮᠡᠳᠡᠭᠦᠯᠬᠦ ᠠᠷᠭ᠎ᠠ ᠮᠠᠶ᠋ᠢᠭ ᠬᠤᠪᠢᠷᠠᠯᠳᠠ ᠦᠭᠡᠢ᠃    ᠬᠤᠶᠠᠷ᠂ ᠠᠵᠢᠯᠲᠠᠨ ᠤ ᠬᠠᠷᠭᠤᠭᠤᠯᠤᠨ ᠪᠠᠶᠢᠴᠠᠭᠠᠬᠤ ᠶᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    1 ᠂ ᠮᠡᠳᠡᠭᠦᠯᠬᠦ ᠠᠵᠤ ᠠᠬᠤᠶᠢᠯᠠᠯ ᠨᠢ ᠬᠠᠤᠯᠢ ᠶᠣᠰᠣᠭᠠᠷ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠤ ᠠᠵᠢᠯᠲᠠᠨ ︵ᠳᠣᠷᠣᠭᠰᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠭᠡᠵᠦ ᠲᠣᠪᠴᠢᠯᠠᠨ᠎ᠠ︶ ᠪᠠ ᠣᠨᠴᠠ ᠲᠥᠷᠥᠯ ᠤᠨ ᠠᠵᠢᠯ ᠬᠢᠭᠰᠡᠳ ᠲᠤ ᠨᠡᠶᠢᠭᠡᠮ ᠤᠨ ᠳᠠᠭᠠᠳᠬᠠᠯ ᠢ ᠲᠤᠰᠢᠶᠠᠭᠰᠠᠨ ᠂ ᠡᠷᠬᠡ ᠤᠯᠭᠤᠭᠰᠠ ᠬᠢᠨᠠᠨ ᠵᠥᠪᠰᠢᠶᠡᠷᠡᠯ ᠤᠨ ᠰᠠᠯᠠᠭ᠎ᠠ ᠮᠥᠴᠢᠷ ᠤᠨ ᠨᠡᠶᠢᠭᠡᠮ ᠤᠨ ᠳᠠᠭᠠᠳᠬᠠᠯ ᠤᠨ ᠲᠤᠰᠢᠶᠠᠭᠰᠠᠨ ᠪᠠᠶᠢᠳᠠᠯ ᠢ ᠬᠠᠷᠢᠴᠠᠭᠤᠯᠤᠨ ᠬᠠᠷᠭᠤᠭᠤᠯᠤᠨ ᠪᠠᠶᠢᠴᠠᠭᠠᠨ᠎ᠠ ᠃    2 ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ  ᠲᠤ ᠲᠡᠭᠦᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠤᠭ ᠤᠨ ᠳᠡᠭᠡᠳᠦ ᠲᠥᠷᠥᠯ ᠢᠯᠭᠠᠯ ᠤᠨ ᠵᠡᠷᠭᠡ ᠳᠡᠰ ᠤᠨ ᠱᠠᠭᠠᠷᠳᠠᠯᠭ᠎ᠠ ᠶᠣᠰᠣᠭᠠᠷ ᠳᠠᠩᠰᠠᠯᠠᠭᠤᠯᠤᠭᠰᠠᠨ ᠪᠠᠷᠢᠯᠭ᠎ᠠ ᠪᠠᠷᠢᠭᠴᠢ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ ᠂ ᠲᠥᠷᠥᠯ ᠵᠦᠢᠯ ᠤᠨ ᠬᠠᠷᠢᠭᠤᠴᠠᠯᠭᠠᠲᠠᠨ ︵ B ᠦᠨᠡᠮᠯᠡᠯ ︶ ᠲᠤᠭ᠎ᠠ ᠪᠠᠷ ᠭᠤᠶᠤᠴᠢᠯᠠᠨ᠎ᠠ᠃    ᠵᠢᠱᠢᠶᠡᠯᠡᠪᠡᠯ ᠄ ᠠᠵᠤ ᠠᠬᠤᠶᠢᠯᠠᠯ ᠨᠢ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠤᠨ ᠬᠢᠷᠢ ᠬᠡᠮ ︵ 12 ᠪᠠᠷᠢᠯᠭ᠎ᠠ ᠶᠢᠨ ᠠᠵᠢᠯᠲᠠᠨ ︶ ᠪᠠ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠤᠨ ᠬᠢᠷᠢ ᠬᠡᠮ ︵ 15 ᠪᠠᠷᠢᠯᠭ᠎ᠠ ᠶᠢᠨ ᠠᠵᠢᠯᠲᠠᠨ ︶ ᠢ ᠬᠠᠮᠲᠤ ᠳᠤᠨᠢ ᠡᠵᠡᠮᠰᠢᠵᠦ ᠪᠠᠶᠢᠪᠠᠯ ᠂ 15 ᠨᠡᠷᠡᠰ ᠬᠠᠷᠢᠭᠤᠴᠠᠯᠭᠠᠲᠠᠨ ︵ B ᠦᠨᠡᠮᠯᠡᠯ ︶ ᠲᠣᠬᠢᠷᠠᠭᠤᠯᠬᠤ ᠬᠡᠷᠡᠭᠲᠡᠢ ᠃    ᠭᠤᠷᠪᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    1 ᠂ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠠᠤᠯᠢ ᠶᠣᠰᠣᠭᠠᠷ ᠪᠠᠶᠢᠭᠤᠯᠵᠤ ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ︵ A ᠲᠦᠷᠦᠯ ︶ ᠤ ᠤᠳᠤᠷᠢᠳᠤᠯᠭ᠎ᠠ ᠶᠢᠨ ᠳᠣᠣᠷ᠎ᠠ ᠲᠤᠰ ᠠᠵᠤ ᠠᠬᠤᠶᠢᠯᠠᠯ ᠤᠨ ᠢᠶᠠᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠢ ᠃    2 ᠂ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠠᠴᠠ ᠡᠮᠦᠨ᠎ᠡ ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠴᠠ ᠨᠠᠶᠢᠷᠠᠭᠤᠯᠤᠨ ᠵᠣᠬᠢᠶᠠᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠤᠨ ᠶᠣᠰᠣᠭᠠᠷ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠦᠷᠢᠯᠳᠦᠭᠦᠨ ᠪᠣᠯᠣᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠤᠨ ᠨᠠᠶᠢᠷᠠᠭᠤᠯᠤᠨ ᠵᠣᠬᠢᠶᠠᠭᠰᠠᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠠᠵᠢᠯᠲᠠᠳ ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠳᠤ ᠪᠥᠬᠦ ᠬᠥᠮᠥᠰ ᠣᠷᠣᠯᠴᠠᠬᠤ ᠬᠡᠷᠡᠭᠲᠡᠢ ᠃3     ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢᠨ ᠲᠡᠮᠳᠡᠭᠯᠡᠯ ᠳᠤ᠄ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢᠨ ᠲᠡᠮᠳᠡᠭᠯᠡᠯ ᠤᠨ ᠬᠦᠰᠦᠨᠦᠭᠲᠦ᠂ ᠠᠵᠢᠯᠲᠠᠨ ᠤ ᠭᠠᠷ ᠤᠨ ᠥᠰᠥᠭ ᠵᠢᠷᠤᠭᠰᠠᠨ ᠬᠦᠰᠦᠨᠦᠭᠲᠦ ᠵᠢᠴᠢ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠪᠠᠭᠲᠠᠭᠠᠵᠤ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠳᠤ ᠰᠣᠷᠢᠯᠲᠠ ᠶᠢᠨ ᠴᠠᠭ ᠬᠤᠭᠤᠴᠠᠭ᠎ᠠ ᠪᠠ ᠰᠣᠷᠢᠯᠲᠠ ᠳᠤ ᠣᠷᠣᠯᠴᠠᠭᠰᠠᠳ ᠤᠨ ᠣᠪᠣᠭ ᠨᠡᠷ᠎ᠡ ᠶᠢ ᠲᠣᠳᠣᠷᠬᠠᠶᠢᠯᠠᠬᠤ ᠬᠡᠷᠡᠭᠲᠡᠢ᠃    ᠳᠥᠷᠪᠡ᠂ ᠨᠢᠭᠤᠷᠲᠠᠨ ᠠᠰᠠᠭᠤᠬᠤ ᠳᠦᠷᠢᠮ ᠢ ᠪᠠᠶᠢᠭᠤᠯᠵᠤ᠂ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ᠃    ᠬᠢᠨᠠᠨ ᠵᠥᠪᠰᠢᠶᠡᠷᠡᠯ ᠤᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠢᠨᠠᠨ ᠵᠥᠪᠰᠢᠶᠡᠷᠡᠯ ᠤᠨ ᠰᠠᠯᠠᠭ᠎ᠠ ᠮᠥᠴᠢᠷ ᠠᠴᠠ ᠭᠤᠶᠤᠴᠢᠯᠠᠯ ᠤᠨ ᠳᠤᠮᠳᠠᠬᠢ ᠠᠰᠠᠭᠤᠳᠠᠯ ᠢ ᠨᠢᠭᠤᠷᠲᠠᠨ ᠠᠰᠠᠭᠤᠵᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠠᠴᠠ ᠡᠷᠬᠡ ᠣᠯᠭᠤᠭᠰᠠᠨ ᠪᠤᠰᠤᠳ ︽A ᠦᠨᠡᠮᠯᠡᠯ︾ ᠢ ᠣᠯᠣᠭᠰᠠᠨ ᠬᠥᠮᠥᠰ ᠴᠠᠭ ᠲᠤᠬᠠᠢ ᠳᠤᠨᠢ ᠲᠤᠬᠠᠢ ᠶᠢᠨ ᠲᠠᠯᠠᠪᠤᠷ ᠲᠤ ᠬᠦᠷᠬᠦ ᠬᠡᠷᠡᠭᠳᠡᠢ ᠃ ᠯᠠᠪᠯᠠᠨ ᠠᠰᠠᠭᠤᠬᠤ ᠪᠠᠷ ᠳᠡᠮᠵᠢᠨ᠂ ᠠᠵᠤ ᠠᠬᠤᠶᠢᠯᠠᠯ ᠤᠨ  ᠬᠢᠨ ᠦᠨᠡᠨ ᠪᠣᠳᠠᠲᠠᠢ ᠪᠤᠰᠤ ᠮᠡᠳᠡᠭᠦᠯᠦᠯᠲᠡ ᠶᠢᠨ ᠮᠠᠲ᠋ᠧᠷᠢᠶᠠᠯ ᠬᠠᠩᠭᠠᠭᠰᠠᠨ ᠢᠶᠠᠨ ᠮᠡᠳᠡᠷᠡᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠵᠥᠪᠰᠢᠶᠡᠷᠡᠬᠦ ᠦᠭᠡᠢ᠃    ᠲᠠᠪᠤ᠂ ᠮᠡᠳᠡᠭᠡ ᠵᠠᠩᠭᠢ ᠶᠢᠨ ᠠᠳᠠᠯᠢᠳᠬᠠᠯ ᠢ ᠴᠢᠩᠭᠠᠳᠬᠠᠵᠤ᠂ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ᠠᠵᠤ ᠠᠬᠤᠶᠢᠯᠠᠯ  ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠠᠴᠠ ᠡᠮᠦᠨ᠎ᠡ ᠂ ᠮᠡᠳᠡᠭᠦᠯᠦᠭᠰᠡᠨ ᠬᠥᠮᠥᠰ ᠤᠨ ᠦᠨᠡᠮᠯᠡᠯ ᠲᠠᠢ ᠪᠠᠶᠢᠬᠤ ᠪᠠ ᠳᠠᠩᠰᠠᠯᠠᠭᠤᠯᠤᠭᠰᠠᠨ ᠪᠠᠶᠢᠳᠠᠯ ᠢ ᠥᠪᠡᠷ ᠲᠡᠭᠡᠨ ᠬᠢᠨᠠᠨ ᠬᠠᠷᠭᠤᠭᠤᠯᠵᠤ ᠂  ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠪᠣᠯᠣᠨ ᠣᠨᠴᠠ ᠲᠥᠷᠥᠯ ᠤᠨ ᠠᠵᠢᠯ ᠬᠢᠵᠦ ᠪᠠᠶᠢᠭ᠎ᠠ ᠬᠥᠮᠥᠰ ᠲᠤ ᠤᠯᠠᠨ ᠠᠵᠤ ᠠᠬᠤᠶᠢᠯᠠᠯ ᠤᠨ ᠲᠤᠰᠢᠶᠠᠯ ᠲᠤ ᠭᠠᠷᠬᠤ ᠪᠠ ᠪᠠᠶᠢᠨ ᠲᠠᠬᠢᠨ ᠰᠢᠯᠵᠢᠵᠦ ᠪᠠᠶᠢᠭ᠎ᠠ ᠥᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠥᠪᠡᠷ ᠲᠡᠭᠡᠨ ᠪᠠᠶᠢᠴᠠᠭᠠᠵᠤ ᠪᠣᠯᠣᠨ᠎ᠠ ᠃    ᠠᠩᠬᠠᠷᠬᠤ ᠨᠢ ᠄ ᠠᠵᠤ ᠠᠬᠤᠶᠢᠯᠠᠯ ᠬᠤᠯᠪᠣᠭᠳᠠᠯ ᠪᠦᠬᠦᠢ ᠪᠠᠶᠢᠳᠠᠯ ᠢᠶᠠᠨ ᠨᠢᠭᠤᠨ ᠳᠠᠯᠳᠠᠯᠠᠵᠤ ᠂ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠭᠤᠶᠤᠴᠢᠯᠠᠯ ᠭᠠᠷᠭᠠᠬᠤ ᠪᠤᠶᠤ ᠬᠠᠭᠤᠷᠮᠠᠭᠯᠠᠨ ᠵᠣᠬᠢᠶᠠᠬᠤ ᠵᠡᠷᠭᠡ ᠮᠡᠬᠡᠯᠡᠬᠦ ᠠᠷᠭ᠎ᠠ ᠪᠠᠷ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠣᠯᠣᠭᠰᠠᠨ ᠪᠠᠶᠢᠪᠠᠯ ᠂ ᠬᠢᠨᠠᠨ ᠮᠠᠭᠠᠳᠯᠠᠭᠰᠠᠨ ᠤ ᠲᠠᠷᠠᠭ᠎ᠠ ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠢᠢᠳᠪᠦᠷᠢᠯᠡᠨ᠎ᠡ ᠂ ᠡᠭᠦᠨ ᠠᠴᠠ ᠪᠣᠯᠤᠭᠰᠠᠨ ᠠᠯᠢᠪᠠ ᠠᠶᠤᠯ ᠲᠦᠭᠰᠢᠭᠦᠷᠢ ᠵᠢᠴᠢ ᠬᠠᠤᠯᠢ ᠶᠢᠨ ᠬᠠᠷᠢᠭᠤᠴᠠᠯᠭ᠎ᠠ ᠶᠢ ᠭᠤᠶᠤᠴᠢᠯᠠᠭᠴᠢ ᠡᠭᠦᠷᠭᠡᠯᠡᠨ᠎ᠡ ᠃ ᠬᠠᠮᠢᠶ᠎ᠠ ᠪᠦᠬᠦᠢ ᠠᠵᠤ ᠠᠬᠤᠶᠢᠯᠠᠯ ᠪᠠ ᠬᠠᠷᠢᠭᠤᠴᠠᠯᠭ᠎ᠠ ᠲᠠᠢ ᠬᠥᠮᠥᠰ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠲᠤ ᠵᠢᠭᠰᠠᠭᠠᠨ ᠣᠷᠣᠭᠤᠯᠬᠤ ᠶᠢᠨ ᠬᠠᠮᠲᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠤᠨ᠎ᠠ᠃    ᠵᠢᠷᠭᠤᠭ᠎ᠠ᠂ ᠬᠥᠳᠡᠯᠦᠩᠭᠦᠢ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠠᠵᠢᠯᠲᠠᠨ ᠤ ᠪᠠᠷᠢᠮᠵᠢᠶ᠎ᠠ ᠶᠢ ᠪᠠᠲᠤᠯᠠᠨ᠎ᠠ᠃    1 ᠂ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠣᠯᠣᠭᠰᠠᠨ ᠤ ᠲᠠᠷᠠᠭ᠎ᠠ ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠪᠠ ᠣᠨᠴᠠ ᠲᠦᠷᠦᠯ ᠤᠨ ᠠᠵᠢᠯ ᠬᠢᠭᠰᠡᠳ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠥᠳᠡᠯᠦᠩᠭᠦᠢ ᠬᠠᠩᠭᠠᠬᠤ ᠬᠡᠷᠡᠭᠲᠡᠢ ᠃    2 ᠂ ᠠᠵᠤ ᠠᠬᠤᠶᠢᠯᠠᠯ ᠤᠨ ᠲᠥᠷᠥᠯ ᠵᠦᠢᠯ ᠢᠶᠠᠨ ᠨᠡᠮᠡᠭᠳᠡᠭᠦᠯᠬᠦ ᠪᠤᠶᠤ ᠲᠠᠰ ᠳᠡᠪᠰᠢᠭᠦᠯᠦᠭᠡᠳ ᠪᠤᠰᠤᠳ ᠲᠥᠷᠥᠯ ᠢᠯᠭᠠᠯ ᠪᠠ ᠵᠡᠷᠭᠡ ᠳᠡᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠣᠯᠣᠭᠰᠠᠨ ᠤ ᠳᠠᠷᠠᠭ᠎ᠠ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠭᠦᠢᠴᠡᠳ ᠪᠦᠷᠢᠨ ᠲᠣᠬᠢᠷᠠᠭᠤᠯᠬᠤ ᠬᠡᠷᠡᠭᠲᠡᠢ᠃    ᠵᠢᠱᠢᠶᠡᠯᠡᠪᠡᠯ᠄ ᠠᠵᠤ ᠠᠬᠤᠶᠢᠯᠠᠯ ᠨᠢ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠠᠵᠤ ᠠᠬᠤᠶᠢᠯᠠᠯ ᠤᠨ ᠬᠢᠷᠢ ᠬᠡᠮ ᠲᠠᠢ ᠪᠠᠶᠢᠭᠠᠳ ᠂ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠤᠯᠵᠦ ᠂ 2023 ᠣᠨ ᠤ 9 ᠳ᠋ᠤᠭᠡᠷ ᠰᠠᠷ᠎ᠠ ᠶᠢᠨ 30 ᠤ ᠡᠳᠦᠷ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠤᠨ ᠬᠢᠷᠢ ᠬᠡᠮ ᠢ ᠨᠡᠮᠡᠵᠦ ᠣᠯᠣᠭᠰᠠᠨ ᠪᠠᠶᠢᠪᠠᠯ᠂ 2023 ᠣᠨ ᠤ 10 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠡᠵᠡᠩᠨᠡᠯᠲᠡ ᠶᠢᠨ ᠬᠡᠪᠴᠢᠶ᠎ᠡ᠂ ᠲᠥᠬᠦᠭᠡᠷᠦᠮᠵᠢ ᠶᠢᠨ ᠬᠠᠮᠢᠶᠠᠷᠤᠯᠲᠠ ᠪᠠ ᠦᠢᠯᠡᠳᠪᠦᠷᠢᠯᠡᠯ ᠤᠨ ᠬᠡᠷᠡᠭᠴᠡᠭᠡ ᠲᠠᠢ ᠪᠠᠨ ᠤᠶᠠᠯᠳᠤᠭᠤᠯᠤᠨ᠂ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠤ ᠲᠣᠬᠢᠷᠠᠭᠤᠯᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠬᠢᠬᠤ A ᠲᠥᠷᠥᠯ᠂ B ᠲᠥᠷᠥᠯ᠂ C ᠲᠥᠷᠥᠯ ᠤᠨ ᠠᠵᠢᠯᠲᠠᠨ ᠢ ᠪᠠᠭᠲᠠᠭᠠᠭᠰᠠᠨ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠢ ᠭᠦᠢᠴᠡᠳ ᠪᠦᠷᠢᠨ ᠲᠤᠬᠢᠷᠠᠭᠤᠯᠤᠨ᠎ᠠ ᠂ ᠬᠤᠭᠤᠴᠠᠭ᠎ᠠ ᠬᠡᠲᠦᠷᠡᠲᠡᠯ᠎ᠡ ᠲᠣᠬᠢᠷᠠᠭᠤᠯᠤᠭᠰᠠᠨ ᠦᠭᠡᠢ ᠪᠣᠯ  ᠠᠶᠦᠯᠭᠦᠢ ᠶᠢᠨ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃    ᠠᠰᠠᠭᠤᠨ ᠯᠠᠪᠯᠠᠬᠤ ᠠᠷᠭ᠎ᠠ ᠬᠡᠯᠪᠡᠷᠢ    ᠬᠡᠷᠪᠡ ᠰᠢᠢᠳᠪᠦᠷᠢᠯᠡᠬᠦ ᠶᠠᠪᠤᠴᠠ ᠳᠤ ᠪᠠᠰᠠ ᠬᠦᠴᠢᠷᠳᠡᠯ ᠲᠤᠯᠭᠠᠷᠠᠪᠠᠯ᠂ ᠲᠠ ᠪᠠᠰᠠ ᠡᠶᠢᠮᠦ ᠠᠷᠭ᠎ᠠ ᠪᠠᠷ ᠰᠢᠢᠳᠪᠦᠷᠢᠯᠡᠵᠦ ᠪᠣᠯᠣᠨ᠎ᠠ᠄    1᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠨ ᠤ ᠰᠦᠯᠵᠢᠶ᠎ᠡ - ᠲᠤᠰᠬᠠᠢ ᠰᠡᠳᠦᠪ ᠲᠤᠰᠬᠠᠢ ᠪᠤᠯᠤᠩ - ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠤᠰᠬᠠᠢ ᠪᠤᠯᠤᠩ - ᠪᠠᠶᠢᠩᠭᠤ ᠲᠣᠬᠢᠶᠠᠯᠳᠤᠬᠤ ᠠᠰᠠᠭᠤᠳᠠᠯ ᠢ ᠲᠤᠪᠴᠢᠳᠠᠵᠦ᠂ ᠬᠤᠯᠪᠣᠭᠳᠠᠯ ᠪᠦᠬᠦᠢ ᠠᠭᠤᠯᠭ᠎ᠠ ᠶᠢ ᠪᠠᠶᠢᠴᠠᠭᠠᠨ ᠯᠠᠪᠯᠠᠵᠤ ᠪᠤᠯᠤᠨ᠎ᠠ᠃    2᠂ ᠠᠰᠠᠭᠤᠨ ᠯᠠᠪᠯᠠᠬᠤ ᠤᠲᠠᠰᠤ᠄     0471—6945165  ᠂  6945002  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭ᠋᠊
Baidu
map