ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/31
    10 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃
1.jpg
    ᠬᠤᠷᠠᠯ   ᠠᠴᠠ᠂ ᠶᠡᠷᠦᠩᠬᠡᠢ  ᠱᠦᠵᠢ  ᠰᠢ   ᠶᠢᠨ  ᠫᠢᠩ   ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠣᠯᠣᠨ ᠳᠤᠮᠳᠠᠳᠤ ᠶᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠᠶᠢᠭᠤᠯᠤᠭᠳᠠᠭᠰᠠᠨ 70 ᠵᠢᠯ ᠤᠨ ᠤᠢ ᠳᠤ ᠢᠯᠡᠭᠡᠭᠰᠡᠨ ᠪᠠᠶᠠᠷ ᠤᠨ ᠵᠠᠬᠢᠳᠠᠯ   ᠤᠨ ᠵᠣᠷᠢᠭ ᠰᠠᠨᠠᠭ᠎ᠠ  ᠶᠢ  ᠭᠦᠨᠵᠡᠭᠡᠢ  ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠵᠦ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠦᠷᠭᠡᠳᠬᠡᠨ ᠠᠬᠢᠭᠤᠯᠵᠤ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠳᠡᠢ ᠲᠤᠯᠭᠠᠭᠤᠷᠢᠯᠠᠯ ᠬᠠᠩᠭᠠᠨ᠎ᠠ᠃ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ  ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠲᠤᠯᠠᠭ᠎ᠠ  ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠵᠡᠷᠭᠡ ᠲᠠᠯ᠎ᠠ ᠳᠤ ᠢᠳᠡᠪᠬᠢᠲᠡᠢ ᠣᠷᠣᠯᠴᠠᠬᠤ ᠶᠢ ᠳᠡᠮᠵᠢᠨ ᠵᠣᠷᠢᠭᠵᠢᠭᠤᠯᠵᠤ᠂ ᠠᠷᠠᠳ ᠤᠨ ᠬᠥᠷᠥᠩᠭᠡ ᠶᠢᠨ ᠲᠤᠰᠠᠭᠠᠷ ᠪᠡᠯᠡ ᠣᠷᠣᠭᠤᠯᠬᠤ᠂ ᠪᠡᠯᠡ ᠨᠡᠶᠢᠯᠡᠭᠦᠯᠦᠨ ᠬᠤᠷᠰᠢᠬᠤ᠂ ᠡᠳ᠋ ᠬᠥᠷᠥᠩᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ   ᠢᠶᠠᠷ ᠪᠦᠲᠦᠭᠡᠨ ᠪᠠᠶᠢᠭᠤᠯᠤᠯᠲᠠ  ᠳᠤ ᠣᠷᠣᠯᠴᠠᠬᠤ  ᠶᠢ ᠵᠣᠷᠢᠭᠵᠢᠭᠤᠯᠤᠨ᠂ ︽ᠵᠠᠰᠠᠭ  ᠤᠨ ᠣᠷᠳᠣᠨ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠡᠵᠡᠩᠨᠡᠯᠲᠡ ᠶᠢ ᠣᠯᠠᠨ ᠡᠰᠢᠵᠢᠭᠦᠯᠦᠭᠰᠡᠨ︾ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠦᠶᠡᠯᠡᠯ ᠤᠨ ᠬᠤᠭᠤᠴᠠᠭ᠎ᠠ ᠶᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠪᠠ ᠡᠵᠡᠩᠨᠡᠯᠲᠡ ᠳᠤ ᠣᠷᠣᠬᠤ ︽ᠦᠷᠡᠵᠢᠭᠦᠯᠬᠦ ᠦᠢᠯᠡᠳᠦᠯ︾ ᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠤ ︽ᠦᠷᠡᠵᠢᠭᠦᠯᠬᠦ ᠦᠢᠯᠡᠳᠦᠯ︾ ᠪᠤᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢᠨ ᠡᠯ᠎ᠡ ᠵᠦᠢᠯ ᠤᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ᠂ ᠮᠠᠲ᠋ᠧᠷᠢᠶᠠᠯ ᠬᠠᠩᠭᠠᠬᠤ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ᠂ ᠬᠥᠳᠡᠯᠮᠦᠷᠢ ᠦᠢᠯᠡᠴᠢᠯᠡᠭᠡᠨ ᠤ ᠠᠵᠤ ᠠᠬᠤᠶᠢᠯᠠᠯ᠂ ᠲᠥᠬᠦᠭᠡᠷᠦᠮᠵᠢ ᠲᠦᠷᠢᠶᠡᠰᠦᠯᠡᠬᠦ ᠦᠢᠯᠡᠰ ᠵᠡᠷᠭᠡ ᠶᠢᠨ ᠲᠠᠪᠴᠠᠩ ᠳᠤ ᠭᠠᠷᠬᠤ ᠶᠢ ᠲᠦᠯᠬᠢᠨ ᠠᠬᠢᠭᠤᠯᠵᠤ᠂ ᠪᠥᠬᠦ ᠬᠡᠯᠬᠢᠶᠡᠵᠢᠭᠰᠡᠨ ᠠᠵᠤ ᠦᠢᠯᠡᠰ ᠤᠨ ᠡᠨᠧᠷᠭᠢ ᠶᠢ ᠲᠥᠪᠯᠡᠷᠡᠭᠦᠯᠦᠨ ᠬᠥᠭᠵᠢᠭᠦᠯᠬᠦ ᠶᠢ ᠬᠦᠴᠦᠯᠡᠨ ᠪᠡᠶᠡᠯᠡᠭᠦᠯᠬᠦ ᠬᠡᠷᠡᠭᠲᠡᠢ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠬᠤᠲᠠ ᠶᠢᠨ ᠪᠡᠯᠡ ᠣᠷᠣᠭᠤᠯᠤᠯᠲᠠ ᠵᠡᠷᠭᠡ ᠤᠯᠤᠰ ᠤᠨ ᠦᠮᠴᠢᠯᠡᠯᠳᠦ ᠠᠵᠤ ᠠᠬᠤᠶᠢᠯᠠᠯ ᠬᠢᠭᠡᠳ ᠠᠷᠠᠳ ᠠᠴᠠ ᠡᠵᠡᠩᠨᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠂ ᠪᠠᠷᠢᠯᠭ᠎ᠠ ᠶᠢᠨ ᠦᠢᠯᠡᠰ ᠤᠨ ︽ᠦᠪᠦᠷ ᠮᠣᠩᠭᠤᠯ︾ ᠥᠰᠥᠭ ᠤᠨ ᠵᠢᠭᠰᠠᠭᠠᠯ ᠢ ᠬᠦᠴᠦᠯᠡᠨ ᠪᠠᠶᠢᠭᠤᠯᠵᠤ᠂ ᠲᠤᠬᠠᠢ ᠶᠢᠨ ᠭᠠᠵᠠᠷ ᠤᠨ ᠠᠷᠠᠳ ᠠᠴᠠ ᠡᠵᠡᠩᠨᠡᠭᠰᠡᠨ ᠪᠠᠷᠢᠯᠭ᠎ᠠ ᠶᠢᠨ ᠠᠵᠤ ᠠᠬᠤᠶᠢᠯᠠᠯ ᠬᠢᠭᠡᠳ ᠲᠥᠪ ᠤᠨ ᠠᠵᠤ ᠠᠬᠤᠶᠢᠯᠠᠯ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠯᠤᠭ᠎ᠠ ᠬᠠᠮᠲᠤᠷᠠᠭᠰᠠᠨ ᠴᠣᠭᠴᠠ ᠪᠠᠶᠢᠭᠤᠯᠤᠨ ᠳᠠᠭᠠᠭᠠᠴᠢᠯᠠᠯᠲᠠ ᠬᠦᠯᠢᠶᠡᠬᠦ ᠶᠢ ᠵᠣᠷᠢᠭᠵᠢᠭᠤᠯᠤᠨ᠂ ᠲᠣᠰ ᠭᠠᠵᠠᠷ ᠣᠷᠣᠨ ᠤ ︽ᠲᠥᠪ ᠤᠨ ᠠᠵᠤ ᠠᠬᠤᠶᠢᠯᠠᠯ ᠨᠢ ᠣᠷᠣᠨ ᠨᠤᠲᠤᠭ ᠤᠨ ᠠᠵᠤ ᠠᠬᠤᠶᠢᠯᠠᠯ ᠢ ᠬᠠᠪᠰᠤᠷᠬᠤ᠂ ᠲᠣᠮᠣ ᠠᠵᠤ ᠠᠬᠤᠶᠢᠯᠠᠯ ᠨᠢ ᠵᠢᠵᠢᠭ ᠠᠵᠤ ᠠᠬᠤᠶᠢᠯᠠᠯ ᠢ ᠳᠠᠶᠢᠴᠢᠯᠠᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠴᠢᠨᠠᠷ ᠰᠠᠶᠢᠲᠠᠢ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ ︽ᠬᠠᠨᠳᠤᠯᠭᠠᠲᠤ ᠨᠠᠷᠢᠨ ᠬᠠᠭᠤᠳᠠᠰᠤ ᠶᠢᠨ ᠬᠡᠯᠪᠡᠷᠢ︾ ᠶᠢᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠶᠠᠰᠤ ᠴᠢᠨᠠᠷ ᠢ ᠴᠢᠩᠭᠠᠷᠠᠭᠤᠯᠬᠤ ᠶᠢ ᠬᠦᠴᠦᠯᠡᠨ ᠪᠡᠶᠡᠯᠡᠭᠦᠯᠬᠦ ᠬᠡᠷᠡᠭᠳᠡᠢ ᠭᠡᠵᠦ ᠱᠠᠭᠠᠷᠳᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠶᠠᠷᠢᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠤᠷᠠᠨ ᠳᠠᠷᠬᠠᠨ ᠤ ᠵᠣᠷᠢᠭ ᠰᠠᠨᠠᠭ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠭᠤᠣᠯ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠦᠴᠦ ᠪᠠᠨ ᠬᠠᠮᠲᠤᠳᠬᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠪᠠᠷᠢᠯᠭ᠎ᠠ ᠶᠢᠨ ᠠᠵᠤ ᠦᠢᠯᠡᠰ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠷ᠎ᠠ  ᠴᠢᠳᠠᠪᠤᠷᠢ  ᠶᠢᠨ  ᠪᠣᠯᠪᠠᠰᠤᠷᠠᠯ  ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠠᠵᠤ ᠠᠬᠤᠶᠢᠯᠠᠯ ᠰᠤᠳᠤᠯᠭᠠᠨ ᠤ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠤᠷᠤᠯᠴᠠᠬᠤ᠂ ᠴᠢᠳᠠᠪᠤᠷᠢᠲᠠᠨ ᠬᠥᠮᠥᠵᠢᠭᠦᠯᠬᠦ ᠠᠷᠭ᠎ᠠ ᠵᠠᠮ ᠢ ᠰᠠᠭᠠᠳ  ᠦᠭᠡᠢ  ᠨᠠᠪᠲᠠᠷᠡᠭᠦᠯᠵᠦ᠂ ᠨᠡᠩ ᠤᠯᠠᠨ ︽ ᠤᠷᠠᠨ ᠲᠠᠷᠬᠠᠨ᠂ ᠶᠡᠭᠡ ᠪᠠᠭᠰᠢ︾᠂ ᠳᠡᠭᠡᠳᠦ ᠮᠡᠷᠭᠡᠵᠢᠯ ᠤᠨ ᠴᠢᠳᠠᠪᠤᠷᠢᠲᠠᠨ᠂ ᠡᠨᠧᠷᠭᠢ ᠣᠯᠭᠤᠬᠤ ᠪᠠᠷᠢᠯᠭ᠎ᠠ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠬᠥᠮᠥᠵᠢᠭᠦᠯᠬᠦ ᠬᠡᠷᠡᠭᠲᠡᠢ᠃ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠲᠢᠩᠬᠢᠮ ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠪᠡᠶᠡᠯᠡᠭᠦᠯᠵᠦ᠂ ᠰᠠᠶᠢᠲᠤᠷ ᠬᠥᠭᠵᠢᠭᠦᠯᠵᠦ᠂ ᠰᠠᠶᠢᠲᠤᠷ ᠬᠠᠮᠠᠭᠠᠯᠠᠵᠤ᠂ ᠬᠦᠴᠢᠷᠳᠡᠯᠲᠡᠢ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠵᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠠᠬᠢᠭᠤᠯᠵᠤ ᠰᠢᠨ᠎ᠡ ᠰᠢᠪᠲᠤᠯᠤᠯᠲᠠ ᠲᠠᠢ ᠪᠣᠯᠭᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠮᠠᠨ ᠤ ᠣᠷᠣᠨ ᠤ ᠵᠡᠭᠦᠨ ᠬᠡᠰᠡᠭ ᠤᠨ ᠠᠶᠢᠮᠠᠭ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠨᠠᠷ ᠰᠠᠶᠢᠲᠠᠢ ᠬᠥᠭᠵᠢᠯᠲᠡ ᠶᠢᠨ ᠠᠵᠠ ᠲᠣᠬᠢᠶᠠᠯ᠂ ᠬᠠᠷᠠᠯᠲᠠ ᠪᠠ ᠠᠷᠭ᠎ᠠ ᠵᠠᠮ ᠢ ᠣᠨᠣᠪᠴᠢᠲᠠᠢ ᠡᠷᠢᠨ ᠣᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠬᠥᠳᠡᠭᠡ ᠶᠢᠨ ᠪᠣᠬᠢᠷᠲᠤᠯ ᠦᠭᠡᠢ ᠬᠥᠭᠵᠢᠯᠲᠡ᠂ ᠠᠷᠢᠭᠤᠨ ᠴᠡᠪᠡᠷ ᠢᠶᠠᠷ ᠳᠤᠯᠠᠭᠠᠯᠠᠬᠤ᠂ ᠤᠶᠤᠨᠴᠢ ᠢᠯᠴᠢ ᠬᠠᠩᠭᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠦᠴᠦ ᠣᠷᠣᠭᠤᠯᠵᠤ᠂ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠶᠡᠷᠦᠩᠬᠡᠢ ᠱᠦᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠬᠠᠢ ᠵᠢᠭᠠᠪᠤᠷᠢ ᠶᠢᠨ ᠱᠠᠭᠠᠷᠳᠠᠯᠭ᠎ᠠ ᠶᠢ ᠥᠪᠥᠷ ᠮᠣᠩᠭᠤᠯ ᠳᠤ ᠦᠨᠳᠦᠰᠦᠯᠡᠭᠦᠯᠦᠨ ᠴᠡᠴᠡᠭᠯᠡᠭᠦᠯᠵᠦ ᠵᠢᠮᠢᠰᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
2.jpg
    ᠬᠤᠷᠠᠯ   ᠠᠴᠠ᠂ ᠵᠥᠪ  ᠣᠨᠣᠪᠴᠢᠲᠠᠶ  ᠡᠬᠡ  ᠤᠷᠤᠨᠴᠢ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠲᠡᠦᠬᠡ ᠶᠢᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠮ ᠤᠨ ᠦᠨᠳᠦᠰᠦᠲᠡᠨ ᠤ ᠣᠨᠣᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠲᠤᠬᠠᠢ ᠣᠶᠢᠯᠠᠭᠠᠯᠲᠠ  ᠪᠠ ᠡᠵᠡᠮᠳᠡᠯ  ᠢ  ᠲᠠᠰᠤᠷᠠᠯᠲᠠ  ᠦᠭᠡᠢ ᠭᠦᠨᠵᠡᠭᠡᠶᠢᠷᠡᠭᠦᠯᠵᠦ᠂ ᠦᠨᠳᠦᠰᠦᠲᠡᠨ ᠤ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ︽ᠭᠤᠷᠪᠠᠨ ᠰᠠᠯᠵᠤ ᠴᠢᠳᠠᠬᠤ ᠦᠭᠡᠢ︾ ᠭᠡᠳᠡᠭ ᠢ ᠢᠮᠠᠭᠲᠠ ᠪᠠᠲᠤ ᠴᠡᠭᠡᠵᠢᠯᠡᠵᠦ᠂ ︽ᠲᠠᠪᠤᠨ ᠬᠠᠮᠳᠦ ᠶᠢᠨ ᠲᠠᠨᠢᠯᠳᠠ︾ ᠶᠢ ᠴᠢᠩᠭᠠᠳᠬᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ᠦᠨᠳᠦᠰᠦᠲᠡᠨ  ᠤ ᠪᠦᠯᠬᠦᠮᠳᠡᠯ ᠢ ᠠᠬᠢᠭᠤᠯᠬᠤ ᠲᠠᠯ᠎ᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠬᠢᠬᠦ ᠬᠡᠷᠡᠭᠲᠡᠢ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠪᠣᠯᠣᠨ ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠦᠯᠦᠪᠰᠢᠭᠦᠯᠵᠦ᠂ ᠬᠠᠮᠵᠢᠯᠴᠠᠨ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ  ᠠᠴᠠ᠂ ᠠᠶᠤᠯᠭᠦᠢ  ᠦᠢᠯᠡᠳᠪᠦᠷᠢᠯᠡᠯ   ᠤᠨ  ᠡᠨᠡᠬᠦ ᠬᠥᠪᠴᠢ ᠶᠢ ᠴᠢᠩᠭᠠᠯᠠᠵᠤ᠂ ᠡᠪᠦᠯ   ᠤᠨ ᠤᠯᠠᠷᠢᠯ  ᠤᠨ ᠪᠠᠷᠢᠯᠭ᠎ᠠ   ᠶᠢᠨ ᠣᠨᠴᠠᠯᠢᠭ  ᠲᠤ ᠴᠢᠭᠯᠡᠭᠦᠯᠦᠨ᠂ ᠭᠠᠯ ᠢ ᠰᠡᠷᠭᠡᠶᠢᠯᠡᠬᠦ᠂ ᠬᠠᠯᠲᠤᠷᠢᠬᠤ ᠶᠢ ᠰᠡᠷᠭᠡᠶᠢᠯᠡᠬᠦ᠂ ᠬᠥᠯᠳᠡᠬᠦ ᠶᠢ ᠰᠡᠷᠭᠡᠶᠢᠯᠡᠬᠦ᠂ ᠨᠤᠷᠠᠬᠤ ᠶᠢ ᠰᠡᠷᠭᠡᠶᠢᠯᠡᠬᠦ᠂ ᠴᠠᠬᠢᠯᠭᠠᠨ ᠳᠤ ᠴᠣᠬᠢᠭᠳᠠᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠪᠦᠬᠦ ᠲᠠᠯ᠎ᠠ ᠪᠠᠷ ᠥᠷᠨᠢᠭᠦᠯᠵᠦ᠂ ᠬᠥᠮᠥᠨ᠂ ᠪᠣᠳᠠᠰ᠂ ᠳᠦᠷᠢᠮ᠂ ᠣᠷᠴᠢᠨ ᠲᠣᠭᠤᠷᠢᠨ ᠵᠡᠷᠭᠡ ᠲᠦᠷᠪᠡᠨ ᠡᠯᠧᠮᠧᠨ᠋ᠲ ᠢ ᠴᠢᠩᠭ᠎ᠠ ᠠᠳᠬᠤᠵᠤ᠂ ᠪᠦᠬᠦ ᠭᠤᠭᠴᠤᠭ᠎ᠠ᠂ ᠪᠦᠬᠦ ᠬᠡᠯᠬᠢᠶ᠎ᠡ᠂ ᠪᠦᠬᠦ ᠶᠠᠪᠤᠴᠠ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠢ᠃ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠦᠷᠦᠭᠦᠯᠡᠨ ᠶᠡᠷᠦᠩᠬᠡᠢ ᠦᠢᠯᠡᠳᠦᠯ ᠢ ᠪᠠᠳᠠᠷᠠᠭᠤᠯᠵᠤ᠂ ᠠᠵᠢᠯ ᠤᠨ ᠲᠤᠰᠬᠠᠢ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠠ ᠬᠠᠷᠠᠯᠲᠠ ᠶᠢᠨ ᠱᠠᠭᠠᠷᠳᠠᠯᠭ᠎ᠠ ᠶᠢ ᠴᠢᠩᠭ᠎ᠠ ᠠᠳᠬᠤᠵᠤ᠂ ᠰᠢᠲᠠᠮᠠᠬᠠᠢ ᠬᠡᠢ ᠶᠢᠨ ᠬᠡᠷᠡᠭᠯᠡᠭᠴᠢ ᠶᠢ ᠪᠦᠬᠦᠨ ᠢ ᠬᠠᠮᠤᠷᠤᠨ ᠵᠢᠭᠰᠠᠭᠠᠨ ᠪᠠᠶᠢᠴᠠᠭᠠᠬᠤ ᠶᠢ ᠲᠦᠷᠭᠡᠬᠡᠨ ᠪᠡᠶᠡᠯᠡᠭᠦᠯᠵᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠬᠠᠢ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠂ ᠬᠠᠮᠲᠤᠷᠠᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ︽ᠬᠡᠨ ᠪᠠᠶᠢᠴᠠᠭᠠᠵᠤ ᠬᠡᠨ ᠭᠠᠷ ᠤᠨ ᠥᠰᠥᠭ ᠵᠢᠷᠤᠪᠠᠯ ᠬᠡᠨ ᠬᠠᠷᠢᠭᠤᠴᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ ᠪᠣᠳᠠᠲᠠᠶᠢᠵᠢᠭᠤᠯᠬᠤ᠂ ᠬᠦᠨᠳᠦ ᠶᠡᠭᠡ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠤᠭ ᠦᠨᠳᠦᠰᠦ ᠶᠢ ᠨᠢ ᠡᠷᠢᠵᠦ ᠴᠣᠬᠢᠯᠲᠠ ᠥᠭᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠬᠠᠤᠯᠢ ᠲᠣᠭᠲᠠᠭᠠᠯ ᠢ ᠵᠥᠷᠢᠴᠡᠵᠦ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠬᠡᠷᠡᠭᠵᠢᠭᠦᠯᠵᠦ᠂ ᠴᠢᠩᠭ᠎ᠠ ᠰᠢᠳᠭᠡᠵᠦ᠂ ᠡᠷᠡᠰ ᠴᠠᠭᠠᠵᠠᠯᠠᠵᠤ᠂ ᠲᠤᠶᠢᠯ ᠤᠨ ᠬᠠᠷᠢᠭᠤᠴᠠᠯᠭᠠᠲᠤ ᠣᠪᠣᠷ ᠢᠶᠠᠷ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠷ ᠰᠤᠯᠠ᠂ ᠬᠠᠤᠯᠢ ᠬᠡᠷᠡᠭᠵᠢᠭᠦᠯᠦᠯᠲᠡ ᠪᠠᠷ ᠳᠤᠲᠠᠮᠠᠭ᠂ ᠬᠠᠷᠢᠯᠴᠠᠨ ᠲᠦᠯᠬᠢᠯᠴᠡᠭᠰᠡᠨ ᠪᠠᠶᠢᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ  ᠶᠢᠨ ᠶᠤᠰᠤᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠴᠢᠬᠤᠯᠠᠴᠢᠯᠠᠪᠠ᠃     ᠬᠤᠷᠠᠯ ᠠᠴᠠ᠂ ᠪᠦᠬᠦ ᠣᠷᠣᠨ ᠳᠤ ᠨᠢᠭᠡᠨᠲᠡ ᠢᠯᠴᠢ ᠶᠢ ᠪᠦᠬᠦ ᠲᠠᠯ᠎ᠠ ᠪᠠᠷ ᠬᠠᠩᠭᠠᠵᠤ ᠪᠠᠶᠢᠨ᠎ᠠ᠂ ᠢᠯᠴᠢ ᠶᠢ ᠬᠠᠩᠭᠠᠭᠰᠠᠨ ᠤ ᠳᠠᠷᠠᠭᠠᠬᠢ ᠠᠵᠢᠯᠯᠠᠭᠠᠨ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠨᠢᠭᠲᠠ ᠠᠩᠬᠠᠷᠴᠤ᠂ ᠡᠯ᠎ᠡ ᠲᠦᠷᠦᠯ ᠤᠨ ᠠᠰᠠᠭᠤᠳᠠᠯ ᠢ ᠬᠥᠳᠡᠯᠦᠩᠭᠦᠢ ᠪᠠᠷ ᠪᠠᠶᠢᠴᠠᠭᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠢᠯᠴᠢ ᠬᠠᠩᠭᠠᠬᠤ ᠠᠵᠢᠯ ᠲᠥᠷᠥᠯ   ᠤᠨ ᠬᠢᠨᠠᠯᠲᠠ ᠬᠠᠮᠢᠶᠠᠷᠤᠯᠲᠠ  ᠶᠢᠨ ᠬᠠᠷᠢᠭᠤᠴᠠᠯᠭ᠎ᠠ  ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠨ᠂ ᠢᠯᠴᠢ ᠬᠠᠩᠭᠠᠬᠤ ᠪᠡᠯᠡᠳᠬᠡᠮᠵᠢ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ ᠪᠠ ᠬᠠᠭᠤᠴᠢᠷᠠᠭᠰᠠᠨ ᠬᠤᠭᠤᠯᠠᠢ ᠲᠣᠣᠷ ᠢ ᠥᠭᠡᠷᠡᠴᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢᠯᠴᠢ ᠬᠠᠩᠭᠠᠬᠤ ᠪᠡᠯᠡᠳᠬᠡᠮᠵᠢ  ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠦᠷᠬᠦ ᠦᠭᠡᠢ᠂ ᠳᠤᠯᠠᠭᠠᠯᠠᠭ᠎ᠠ  ᠶᠢ ᠬᠤᠶᠢᠰᠢᠯᠠᠭᠤᠯᠬᠤ ᠵᠡᠷᠭᠡ ᠣᠯᠠᠨ ᠲᠦᠮᠡᠨ ᠤ ᠵᠠᠭᠠᠯᠳᠤᠯᠭ᠎ᠠ ᠳᠤ ᠴᠠᠭ ᠲᠤᠬᠠᠢ  ᠳᠤᠨᠢ ᠬᠠᠷᠢᠭᠤᠯᠲᠠ ᠥᠭᠴᠦ᠂ ᠳᠤᠯᠠᠭᠠᠯᠭ᠎ᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ  ᠬᠡᠷᠡᠭᠲᠡᠢ᠃ ︽ᠠᠷᠠᠳ   ᠢ  ᠰᠤᠷᠪᠤᠯᠵᠢᠯᠠᠵᠤ  ᠳᠤᠯᠠᠭᠠᠨ ᠢ ᠠᠰᠠᠭᠤᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠷᠭ᠎ᠠ ᠬᠡᠯᠪᠡᠷᠢ ᠪᠠ ᠠᠷᠭ᠎ᠠ ᠶᠢᠨ ᠰᠢᠨ᠎ᠡ ᠶᠢ ᠡᠭᠦᠳᠴᠦ᠂ ᠢᠯᠴᠢ ᠬᠠᠩᠭᠠᠬᠤ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠴᠢ ᠬᠠᠩᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠶᠤᠨᠴᠢ ᠢᠯᠴᠢ ᠬᠠᠩᠭᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠶᠤᠨᠴᠢ ᠡᠨᠧᠷᠭᠢ ᠣᠯᠭᠤᠬᠤ᠂ ᠤᠷᠬᠢᠯ ᠢ ᠵᠥᠷᠢᠭᠦᠯᠦᠨ  ᠲᠣᠬᠢᠷᠠᠭᠤᠯᠤᠨ  ᠡᠵᠡᠮᠳᠡᠬᠦ᠂ ᠬᠡᠮᠵᠢᠯᠲᠡ ᠪᠠᠷ ᠢᠯᠴᠢ ᠬᠠᠩᠭᠠᠬᠤ᠂ ᠠᠦ᠋ᠲ᠋ᠣ᠋ ᠲᠡᠩᠴᠡᠭᠦᠷᠢ ᠵᠡᠷᠭᠡ ᠪᠦᠬᠦ ᠬᠡᠯᠬᠢᠶ᠎ᠡ ᠶᠢᠨ ᠲᠤᠭ᠎ᠠ ᠪᠠᠷᠢᠮᠲᠠ ᠶᠢ ᠬᠢᠨᠠᠨ ᠬᠡᠮᠵᠢᠬᠦ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠰᠠᠶᠢᠲᠤᠷ ᠨᠠᠶᠢᠳᠠᠪᠤᠷᠢᠵᠢᠭᠤᠯᠵᠤ᠂ ᠲᠣᠰ ᠤᠳᠠᠭᠠᠨ ᠤ ᠴᠢᠬᠤᠯᠠ ᠶᠡᠭᠡ ᠠᠵᠠ ᠲᠣᠬᠢᠶᠠᠯ ᠢ ᠪᠠᠲᠤ ᠡᠵᠡᠮᠳᠡᠨ᠂ ᠠᠷᠢᠭᠤᠨ ᠴᠡᠪᠡᠷ ᠢᠶᠠᠷ ᠳᠤᠯᠠᠭᠠᠯᠠᠬᠤ᠂ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ᠂ ᠪᠦᠷᠢᠨ ᠪᠦᠲᠦᠨ ᠨᠡᠶᠢᠭᠡᠮ ᠲᠣᠭᠤᠷᠢᠭ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ᠂ ᠤᠶᠠᠨ ᠬᠠᠲᠠᠨ ᠴᠢᠨᠠᠷᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠭᠤᠣᠯᠯᠠᠭᠤᠯᠤᠨ᠂ ᠨᠢᠭᠡ ᠪᠦᠯᠦᠭ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠰᠡᠨ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠲᠦᠷᠭᠡᠬᠡᠨ ᠲᠥᠯᠥᠪᠯᠡᠨ ᠪᠣᠭᠤᠳᠠᠯᠯᠠᠵᠤ᠂ ︽ᠪᠡᠭᠡᠵᠢᠩ ᠳᠤ ᠣᠷᠣᠬᠤ ᠶᠠᠮᠤᠨ ᠳᠤ ᠬᠦᠷᠬᠦ︾ ᠡᠷᠴᠢᠮ ᠢᠶᠠᠨ ᠴᠢᠩᠭᠠᠷᠠᠭᠤᠯᠤᠨ᠂ ᠤᠯᠤᠰ ᠤᠨ ᠬᠤᠯᠪᠣᠭᠳᠠᠯ ᠪᠦᠬᠦᠢ ᠶᠠᠮᠤᠨ ᠬᠤᠷᠢᠶ᠎ᠠ ᠶᠢ ᠢᠳᠡᠪᠬᠢᠲᠡᠢ ᠵᠣᠬᠢᠴᠠᠭᠤᠯᠵᠤ ᠪᠠᠶᠢᠭᠠᠳ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ
Baidu
map