︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/13
ᠲᠦᠷᠦ ᠶᠢᠨ ᠪᠣᠳᠣᠯᠭ᠎ᠠ ᠶᠢᠨ ᠠᠬᠤᠢ ᠪᠠᠶᠢᠳᠠᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ︽ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ ᠪᠠᠶᠢᠭᠤᠯᠤᠯᠳᠠ ᠲᠡᠮᠳᠡᠭ ᠲᠣᠭᠲᠠᠭᠠᠯ ﹇2021﹈ 1 ᠳ᠋ᠤᠭᠡᠷ ᠲᠣᠭᠠᠲᠤ︶ ᠵᠡᠷᠭᠡ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠮᠠᠨ  ᠤ ᠣᠷᠣᠨ ᠤ ᠪᠣᠬᠢᠷᠲᠤᠯ ᠦᠭᠡᠢ ᠪᠠᠷᠢᠯᠭ᠎ᠠ ᠶᠢᠨ ᠲᠡᠮᠳᠡᠭ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠢ ᠲᠣᠭᠲᠠᠭᠠᠪᠠ᠃ ᠭᠤᠣᠯ ᠠᠭᠤᠯᠭ᠎ᠠ    ︽ᠬᠡᠷᠡᠭᠵᠢᠭᠦᠯᠬᠦ ᠨᠠᠷᠢᠨ ᠳᠦᠷᠢᠮ︾ ᠳᠤ ᠶᠡᠷᠦᠩᠬᠡᠢ ᠳᠦᠷᠢᠮ᠂ ᠭᠤᠶᠤᠴᠢᠯᠠᠨ ᠮᠡᠳᠡᠭᠦᠯᠬᠦ ᠪᠠ ᠬᠢᠨᠠᠨ ᠪᠠᠶᠢᠴᠠᠭᠠᠬᠤ ᠳᠡᠰ ᠳᠠᠷᠠᠭᠠᠯᠠᠯ᠂ ᠢᠯᠡᠳᠭᠡᠮᠵᠢ ᠲᠡᠮᠳᠡᠭ ᠤᠨ ᠬᠠᠮᠢᠶᠠᠷᠤᠯᠲᠠ᠂ ᠳᠠᠭᠠᠯᠳᠤᠭᠤᠯᠤᠭᠰᠠᠨ ᠳᠦᠷᠢᠮ ᠵᠡᠷᠭᠡ ᠳᠥᠷᠪᠡᠨ ᠲᠠᠯ᠎ᠠ ᠠᠴᠠ 28 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠰᠠᠨ ᠪᠠᠶᠢᠨ᠎ᠠ᠃ ᠮᠠᠨ ᠤ ᠣᠷᠣᠨ ᠤ ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠣᠯᠭᠤᠬᠤ ᠬᠦᠷᠢᠶ᠎ᠡ ᠬᠡᠪᠴᠢᠶ᠎ᠡ᠂ ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠤᠨ ᠡᠯ᠎ᠡ ᠣᠳᠣᠨ ᠲᠠᠰ ᠤᠨ ᠦᠨᠡᠯᠡᠬᠦ ᠪᠠᠷᠢᠮᠵᠢᠶ᠎ᠠ᠂ ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠢ ᠮᠡᠳᠡᠭᠦᠯᠬᠦ ᠨᠥᠬᠦᠴᠡᠯ᠂ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ ᠵᠡᠷᠭᠡ ᠪᠣᠳᠠᠲᠠᠢ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠢ ᠨᠤᠳᠠᠯᠠᠬᠤ ᠠᠵᠢᠯ ᠤᠨ ᠬᠠᠮᠢᠶᠠᠷᠤᠯᠲᠠ ᠵᠢᠴᠢ ᠢᠯᠡᠳᠭᠡᠮᠵᠢ ᠲᠡᠮᠳᠡᠭ ᠤᠨ ᠲᠥᠷᠥᠯ ᠵᠦᠢᠯ ᠤᠨ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠵᠡᠷᠭᠡ ᠪᠣᠳᠠᠲᠠᠢ ᠠᠵᠢᠯ ᠢ ᠲᠣᠭᠲᠠᠭᠠᠪᠠ᠃  ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠢ ᠬᠡᠷᠬᠢᠨ ᠭᠤᠶᠤᠴᠢᠯᠠᠨ ᠮᠡᠳᠡᠭᠦᠯᠬᠦ ᠪᠤᠢ︖     ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠭᠤᠶᠤᠴᠢᠯᠠᠨ ᠮᠡᠳᠡᠭᠦᠯᠬᠦ ᠳᠤ ᠰᠠᠶᠢᠨ ᠳᠤᠷ᠎ᠠ ᠶᠢᠨ ᠵᠠᠷᠴᠢᠮ ᠢ ᠵᠢᠷᠤᠮᠯᠠᠨ᠂ ᠲᠤᠰ ᠨᠠᠷᠢᠨ ᠳᠦᠷᠢᠮ ᠤᠨ ᠲᠠᠪᠤᠳᠤᠭᠠᠷ ᠵᠦᠢᠯ ᠤᠨ ᠱᠠᠭᠠᠷᠳᠠᠯᠭ᠎ᠠ ᠶᠢᠨ ᠪᠠᠷᠢᠮᠵᠢᠶ᠎ᠠ ᠶᠣᠰᠣᠭᠠᠷ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠡᠵᠡᠩᠨᠡᠬᠦ᠂ ᠦᠭᠡᠷᠡᠴᠢᠯᠡᠭᠰᠡᠨ ᠪᠥᠭᠡᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠨᠢᠭᠡᠨᠲᠡ ᠥᠩᠭᠡᠷᠡᠭᠡᠭᠰᠡᠨ ᠮᠦᠷᠳᠡᠭᠡᠨ ᠳᠠᠩᠰᠠᠯᠠᠭᠤᠯᠤᠭᠰᠠᠨ ᠲᠥᠷᠥᠯ ᠵᠦᠢᠯ ᠳᠤ ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠢ ᠮᠡᠳᠡᠭᠦᠯᠵᠦ ᠪᠣᠯᠣᠨ᠎ᠠ᠃ ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠭᠤᠶᠤᠴᠢᠯᠠᠨ ᠮᠡᠳᠡᠭᠦᠯᠬᠦ ᠶᠢ ᠲᠥᠷᠥᠯ ᠵᠦᠢᠯ ᠤᠨ ᠪᠦᠲᠦᠭᠡᠨ ᠪᠠᠶᠢᠭᠤᠯᠬᠤ ᠨᠢᠭᠡᠴᠢ᠂ ᠡᠵᠡᠩᠨᠡᠯᠲᠡ ᠶᠢᠨ ᠨᠢᠭᠡᠴᠢ ᠪᠤᠶᠤ ᠥᠮᠴᠢᠲᠡᠨ ᠤ ᠨᠢᠭᠡᠴᠢ ᠠᠴᠠ ᠳᠤᠷᠠᠳᠴᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠪᠠ ᠯᠠᠪᠯᠠᠭ᠎ᠠ ᠥᠭᠬᠦ ᠵᠡᠷᠭᠡ ᠬᠠᠮᠢᠶ᠎ᠠ ᠪᠦᠬᠦᠢ ᠨᠢᠭᠡᠴᠢ ᠨᠦᠭᠦᠳ ᠬᠠᠮᠲᠤᠪᠠᠷ ᠭᠤᠶᠤᠴᠢᠯᠠᠨ ᠮᠡᠳᠡᠭᠦᠯᠬᠦ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠭᠤᠶᠤᠴᠢᠯᠠᠨ ᠮᠡᠳᠡᠭᠦᠯᠬᠦ ᠨᠢᠭᠡᠴᠢ ᠮᠡᠳᠡᠭᠦᠯᠦᠭᠰᠡᠨ ᠣᠳᠣᠨ ᠳᠡᠰ ᠤᠨ ᠬᠤᠪᠢᠶᠠᠷᠢᠯᠠᠯ ᠢ ᠦᠨᠳᠦᠰᠦᠯᠡᠵᠦ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠪᠠᠷᠢᠯᠭ᠎ᠠ ᠶᠢᠨ ᠢᠯᠡᠳᠭᠡᠮᠵᠢ ᠲᠡᠮᠳᠡᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠳᠠᠩᠰᠠᠯᠠᠭᠤᠯᠤᠨ ᠲᠡᠮᠳᠡᠭᠯᠡᠵᠦ ᠲᠥᠷᠥᠯ ᠵᠦᠢᠯ ᠤᠨ ᠦᠨᠳᠦᠰᠦᠨ ᠪᠠᠶᠢᠳᠠᠯ ᠪᠣᠯᠣᠨ ᠭᠤᠣᠯ ᠪᠣᠯᠬᠤ ᠮᠡᠷᠭᠡᠵᠢᠯ ᠤᠨ ᠭᠦᠢᠴᠡᠳᠭᠡᠯ ᠲᠤᠭ᠎ᠠ ᠶᠢᠨ ᠮᠡᠳᠡᠭᠡ ᠵᠠᠩᠭᠢ ᠶᠢ ᠲᠠᠭᠯᠠᠨ ᠪᠢᠴᠢᠵᠦ᠂ ᠪᠣᠬᠢᠷᠲᠤᠯ ᠦᠭᠡᠢ ᠪᠠᠷᠢᠯᠭ᠎ᠠ ᠶᠢ ᠦᠨᠡᠯᠡᠬᠦ ᠪᠠᠷᠢᠮᠵᠢᠶ᠎ᠠ ᠶᠣᠰᠣᠭᠠᠷ ᠲᠥᠷᠥᠯ ᠵᠦᠢᠯ ᠤᠨ ᠪᠠᠷᠢᠮᠵᠢᠶ᠎ᠠ  ᠳᠤ ᠬᠥᠷᠥᠭᠰᠡᠨ ᠪᠠ ᠬᠤᠪᠢ ᠣᠯᠣᠭᠰᠠᠨ ᠪᠠᠶᠢᠳᠠᠯ ᠢ ᠵᠤᠷᠪᠤᠰ ᠳᠠᠷᠠᠭᠠᠯᠠᠨ ᠥᠪᠡᠷ ᠲᠡᠭᠡᠨ ᠦᠨᠡᠯᠡᠵᠦ᠂ ᠬᠠᠮᠢᠶ᠎ᠠ ᠪᠦᠬᠦᠢ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠤᠰᠢᠶᠠᠵᠤ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠣᠯᠣᠨ ᠪᠦᠷᠢᠨ ᠪᠦᠲᠦᠨ ᠴᠢᠨᠠᠷ  ᠲᠤ ᠬᠠᠷᠢᠭᠤᠴᠠᠬᠤ ᠬᠡᠷᠡᠭᠲᠡᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map