ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/11/16
    ᠡᠯ᠎ᠡ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠳᠣᠰ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠮᠠᠨᠵᠤᠤᠷ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠳᠤ᠄    ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ᠪᠥᠲᠥᠭᠡᠨ ᠪᠠᠶᠢᠭᠤᠯᠤᠯᠲᠠ ᠶᠢᠨ ᠵᠤᠷᠭᠠᠨ ᠲᠣᠪᠴᠢᠶ᠎ᠠ ᠶᠢᠨ ᠵᠠᠬᠢᠳᠠᠯ ᠬᠤᠲᠠ ﹇ 2023﹈ 116 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠤᠰᠠᠳᠠ᠂ ᠡᠳᠦᠭᠡ ᠮᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠮᠠᠨ ᠤ ᠲᠢᠩᠬᠢᠮ ᠠᠴᠠ ᠬᠠᠷᠭᠤᠭᠤᠯᠤᠨ ᠣᠯᠭᠤᠭᠰᠠᠨ ᠪᠠᠷᠢᠯᠭ᠎ᠠ ᠶᠢᠨ ᠬᠠᠶᠢᠨ ᠪᠠᠶᠢᠴᠠᠭᠠᠯᠲᠠ᠂ ᠪᠠᠷᠢᠯᠭ᠎ᠠ ᠶᠢᠨ ᠲᠦᠯᠦᠪᠯᠡᠭᠡ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ︵ᠳᠣᠷᠣᠭᠰᠢ ᠠᠵᠤ ᠠᠬᠤᠶᠢᠯᠠᠯ ᠤᠨ ᠬᠢᠷᠢ ᠬᠡᠮ ᠭᠡᠵᠦ ᠲᠣᠪᠴᠢᠯᠠᠨ᠎ᠠ︶᠂ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠲᠤᠯᠪᠠᠯ᠂ 2023 ᠣᠨ ᠤ 11 ᠳ᠋ᠤᠭᠡᠷ ᠰᠠᠷ᠎ᠠ ᠶᠢᠨ 20 ᠤ ᠡᠳᠦᠷ ᠠᠴᠠ ᠡᠬᠢᠯᠡᠨ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠢᠶᠠᠷ ᠳᠠᠮᠵᠢᠭᠤᠯᠤᠨ ᠮᠠᠨ ᠤ ᠲᠢᠩᠬᠢᠮ ᠠᠴᠠ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠵᠤ ᠪᠣᠯᠤᠨ᠎ᠠ᠃ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠬᠤᠶᠢᠰᠢ ᠲᠤᠯᠪᠠᠯ᠂ ᠬᠢᠷᠢ ᠬᠡᠮ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠮᠠᠨ ᠤ ᠲᠢᠩᠬᠢᠮ ᠠᠴᠠ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠲᠣᠯᠣᠭᠰᠠᠨ ᠤ ᠳᠠᠷᠠᠭ᠎ᠠ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠪᠠᠯ᠂ ᠮᠠᠨ ᠤ ᠲᠢᠩᠬᠢᠮ ᠬᠦᠯᠢᠶᠡᠨ ᠠᠪᠴᠤ ᠰᠢᠢᠳᠪᠦᠷᠢᠯᠡᠬᠦ ᠦᠭᠡᠢ᠃    ᠬᠤᠶᠠᠷ᠂ ᠬᠢᠷᠢ ᠬᠡᠮ ᠢᠶᠠᠨ ᠦᠷᠭᠦᠯᠵᠢᠯᠡᠭᠦᠯᠬᠦ ᠪᠠᠷ ᠭᠤᠶᠤᠴᠢᠯᠠᠬᠤ ᠠᠵᠤ ᠠᠬᠤᠶᠢᠯᠠᠯ ᠬᠤᠯᠪᠣᠭᠳᠠᠯ ᠪᠦᠬᠦᠢ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠵᠢᠴᠢ ᠬᠢᠷᠢ ᠬᠡᠮ ᠤᠨ ᠪᠠᠷᠢᠮᠵᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠭᠤᠶᠤᠴᠢᠯᠠᠯ ᠢᠶᠠᠨ ᠳᠡᠪᠰᠢᠭᠦᠯᠵᠦ᠂ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠂ ᠬᠠᠤᠯᠢ ᠶᠣᠰᠣᠴᠢ ᠴᠢᠨᠠᠷ ᠲᠤ ᠠᠮᠠᠯᠠᠯᠲᠠ ᠬᠢᠬᠦ ᠶᠢᠨ ᠬᠠᠮᠲᠤ ᠠᠮᠠᠯᠠᠯᠲᠠ ᠶᠢᠨ ᠠᠭᠤᠯᠭ᠎ᠠ ᠳᠤ ᠬᠠᠷᠢᠭᠤᠴᠠᠵᠤ᠂ ᠬᠠᠤᠯᠢ ᠴᠠᠭᠠᠵᠠ ᠶᠢᠨ ᠪᠦᠬᠦᠶᠢᠯᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠦᠷᠭᠦᠯᠵᠢᠯᠡᠭᠦᠯᠬᠦ ᠭᠤᠶᠤᠴᠢᠯᠠᠯ ᠢ ᠣᠯᠤᠭᠰᠠᠨ ᠤ ᠳᠠᠷᠠᠭ᠎ᠠ᠂ ᠮᠠᠨ ᠤ ᠲᠢᠩᠬᠢᠮ ᠬᠢᠷᠢ ᠭᠡᠮ ᠤᠨ ᠪᠠᠷᠢᠮᠵᠢᠶ᠎ᠠ ᠶᠣᠰᠣᠭᠠᠷ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠮᠦᠰ ᠵᠡᠷᠭᠡ ᠠᠭᠤᠯᠭ᠎ᠠ ᠳᠤ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠣᠯ ᠰᠠᠶ᠋ᠢ ᠦᠷᠭᠦᠯᠵᠢᠯᠡᠭᠦᠯᠬᠦ ᠶᠢ ᠵᠥᠪᠰᠢᠶᠡᠷᠡᠨ᠎ᠡ᠃    ᠭᠤᠷᠪᠠ᠂ ︽︿ᠦᠨᠡᠮᠯᠡᠯ ᠪᠠ ᠭᠡᠷᠡᠴᠢ ᠶᠢ ᠲᠤᠰᠠᠭᠠᠷᠯᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇ 2021﹈ 7 ᠳ᠋ᠤᠭᠠᠷ ᠲᠣᠭᠠᠲᠤ︶ ᠢ ᠬᠦᠴᠦᠨ ᠥᠬᠡᠶ ᠪᠣᠯᠭᠠᠬᠤ ᠪᠠᠷ ᠲᠣᠭᠲᠠᠭᠠᠭᠰᠠᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠬᠤᠯᠪᠣᠭᠳᠠᠯ ᠪᠥᠬᠦᠶ ᠤᠴᠢᠷ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠬᠠᠮᠢᠶ᠎ᠠ ᠪᠥᠬᠦᠶ ᠮᠡᠳᠡᠭᠳᠡᠯ ᠢ ᠨᠡᠶᠢᠲᠡᠯᠡᠭᠰᠡᠨ ᠤ ᠳᠠᠷᠠᠭ᠎ᠠ ᠠᠰᠲᠠᠭᠠᠨ ᠮᠡᠳᠡᠭᠳᠡᠨ᠎ᠡ᠃             2023 ᠣᠨ ᠤ 11 ᠳ᠋ᠦ᠋ᠭᠡᠷ ᠰᠠᠷ᠎ᠠ ᠶᠢᠨ 14 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map