︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠬᠤᠷᠢᠭᠯᠠᠬᠤ ᠭᠠᠷᠴᠠᠭ︾ ᠢ ᠴᠤᠭᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/11/17
            ᠥᠪᠥᠷ ᠪᠠᠶᠢᠭᠤᠯᠤᠯᠲᠠ ᠪᠠᠷᠢᠮᠵᠢᠶ᠎ᠠ ﹇ 2023﹈ 196 ᠳ᠋ᠤᠭᠠᠷ ᠲᠣᠭᠠᠲᠤ     ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ ᠲᠠᠰᠤᠭ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠬᠤᠯᠪᠣᠭᠳᠠᠯ ᠪᠦᠬᠦᠢ ᠠᠵᠢᠯ ᠲᠥᠷᠥᠯ ︵ᠨᠡᠶᠢᠭᠡᠮᠯᠢᠭ︶ ᠤᠨ ᠨᠡᠶᠢᠭᠡᠮᠯᠢᠭ ᠲᠤ᠄    ᠤᠯᠤᠰ᠂ ᠥᠪᠡᠷᠲᠡᠭᠡᠨ ᠵᠠᠰᠠᠬᠤ ᠣᠷᠣᠨ ᠤ ︽ᠨᠡᠭᠦᠷᠡᠰᠦᠲᠥ᠋ᠷᠥᠭᠴᠢ  ᠶᠢ ᠣᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠠ ᠡᠬᠢ ᠪᠠᠶᠠᠯᠢᠭ ᠢ ᠡᠷᠴᠢᠮᠵᠢᠭᠦᠯᠦᠨ ᠭᠠᠮᠨᠠᠨ ᠠᠰᠢᠭᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠷᠢᠭᠦᠨ ᠤ ᠮᠡᠷᠭᠡᠵᠢᠯ ᠪᠠ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠂ ᠬᠤᠴᠣᠷᠤᠩᠭᠤᠶ ᠮᠡᠷᠭᠡᠵᠢᠯ ᠢ ᠬᠢᠵᠠᠭᠠᠷᠯᠠᠬᠤ ᠪᠠ ᠰᠢᠭᠰᠢᠭᠳᠡᠭᠦᠯᠵᠦ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ︾᠂ ︽ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠰᠢᠨ᠎ᠡ ᠮᠡᠷᠭᠡᠵᠢᠯ ᠤᠨ ᠬᠠᠮᠢᠶᠠᠷᠤᠯᠲᠠ ᠶᠢ ᠳᠡᠯᠭᠡᠷᠡᠭᠦᠯᠦᠨ ᠬᠡᠷᠡᠭᠯᠡᠬᠦ ᠲᠣᠭᠲᠠᠭᠠᠯ︾ ︵ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 109 ᠳ᠋ᠦ᠋ᠭᠡᠷ ᠲᠣᠭᠠᠲᠤ︶ ᠪᠣᠯᠤᠨ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠲᠣᠭᠲᠠᠭᠠᠯ ᠢ ᠰᠤᠳᠤᠯᠤᠨ ᠲᠣᠭᠲᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠬᠢᠭᠡᠳ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠬᠤᠷᠢᠭᠯᠠᠬᠤ ᠭᠠᠷᠴᠠᠭ︾ ᠢ ᠰᠤᠳᠤᠯᠤᠨ ᠲᠣᠭᠲᠠᠭᠠᠪᠠ᠂ ᠡᠳᠦᠭᠡ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠬᠤᠷᠢᠭᠯᠠᠬᠤ ᠮᠡᠷᠭᠡᠵᠢᠯ ᠵᠢᠴᠢ ᠦᠢᠯᠡᠳᠬᠦᠨ ᠤ ᠭᠠᠷᠴᠠᠭ ᠢ ᠢᠯᠡ ᠪᠠᠷ ᠴᠤᠭᠯᠠᠭᠤᠯᠵᠤ ᠪᠣᠢ᠂ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠡᠯᠰᠡᠬᠦ ᠬᠡᠪᠴᠢᠶ᠎ᠡ    ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠤ ᠭᠠᠷᠴᠠᠭ ᠤᠨ ᠬᠦᠷᠢᠶ᠎ᠡ ᠬᠡᠪᠴᠢᠶᠡᠨ ᠤ ᠱᠠᠭᠠᠷᠳᠠᠯᠭ᠎ᠠ ᠶᠢ ᠬᠠᠩᠭᠠᠭᠰᠠᠨ ᠪᠣᠯᠭᠠᠨ᠂ ᠤᠯᠤᠰ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠭᠤᠷᠪᠠᠨ ᠲᠥᠷᠥᠯ ᠤᠨ ᠮᠡᠷᠭᠡᠵᠢᠯ ᠵᠢᠴᠢ ᠦᠢᠯᠡᠳᠬᠦᠨ ᠬᠡᠷᠡᠭᠯᠡᠬᠦ ᠳᠤ ᠬᠤᠯᠪᠣᠭᠳᠠᠵᠤ᠂ ᠮᠠᠨ ᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠬᠦᠷᠢᠶ᠎ᠡ ᠴᠠᠷᠠᠭ᠎ᠠ ᠶᠢᠨ ᠮᠡᠷᠭᠡᠵᠢᠯ᠂ ᠦᠢᠯᠡᠳᠬᠦᠨ ︵ᠮᠠᠲ᠋ᠧᠷᠢᠶᠠᠯ︶᠂ ᠭᠠᠷ ᠤᠷᠠᠯᠠᠯ᠂ ᠲᠥᠬᠦᠭᠡᠷᠦᠮᠵᠢ ᠵᠡᠷᠭᠡ ᠶᠢ ᠬᠠᠮᠤᠷᠬᠤ ᠳᠤ ᠴᠥᠮ ᠭᠤᠶᠤᠴᠢᠯᠠᠬᠤ ᠪᠠ ᠪᠠᠲᠤᠯᠠᠨ ᠲᠠᠨᠢᠯᠴᠠᠭᠤᠯᠵᠤ ᠪᠣᠯᠤᠨ᠎ᠠ᠃    ᠬᠤᠶᠠᠷ᠂ ᠡᠯᠰᠡᠬᠦ ᠱᠠᠭᠠᠷᠳᠠᠯᠭ᠎ᠠ    ︵ᠨᠢᠭᠡ︶ ᠳᠡᠯᠭᠡᠷᠡᠭᠦᠯᠦᠨ ᠬᠡᠷᠡᠭᠯᠡᠬᠦ ᠲᠥᠷᠥᠯ    ᠤᠯᠤᠰ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠴᠢᠬᠤᠯᠠ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠭ ᠲᠥᠯᠥᠪᠯᠡᠭᠡ ᠶᠢᠨ ᠵᠢᠷᠤᠭ ᠤᠨ ᠡᠮᠬᠢᠳᠬᠡᠯ᠂ ᠪᠠᠷᠢᠯᠭ᠎ᠠ ᠪᠠᠷᠢᠬᠤ ᠠᠵᠢᠯ ᠤᠨ ᠠᠷᠭ᠎ᠠ ᠵᠡᠷᠭᠡ ᠢᠵᠢ ᠪᠦᠷᠢᠳᠦᠭᠦᠯᠦᠭᠰᠡᠨ ᠪᠠᠷᠢᠮᠵᠢᠶᠠᠵᠢᠭᠤᠯᠤᠭᠰᠠᠨ ᠬᠡᠷᠡᠭᠯᠡᠭᠡᠨ ᠤ ᠮᠡᠷᠭᠡᠵᠢᠯ ᠤᠨ ᠪᠢᠴᠢᠭ ᠮᠠᠲ᠋ᠧᠷᠢᠶᠠᠯ ᠢ ᠪᠦᠷᠢᠳᠦᠭᠦᠯᠦᠭᠰᠡᠨ ᠪᠠᠶᠢᠪᠠᠯ᠂ ᠪᠠᠷᠢᠯᠭ᠎ᠠ ᠶᠢᠨ ᠦᠢᠯᠡᠳᠦᠯᠭᠡ ᠶᠢᠨ ᠬᠡᠷᠡᠭᠯᠡᠭᠡ ᠪᠠᠷ ᠳᠠᠮᠵᠢᠭᠠᠳ᠂ ᠳᠡᠯᠭᠡᠷᠡᠭᠦᠯᠦᠨ ᠬᠡᠷᠡᠭᠯᠡᠬᠦ ᠦᠨ᠎ᠡ ᠥᠷᠲᠡᠭ ᠲᠠᠢ᠂ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠪᠠᠶᠢᠬᠤ ᠦᠭᠡᠶ᠃    ︵ᠬᠤᠶᠠᠷ︶ ᠬᠢᠵᠠᠭᠠᠷᠲᠠᠢ ᠬᠡᠷᠡᠭᠯᠡᠭᠡᠨ ᠤ ᠲᠥᠷᠥᠯ    ᠮᠡᠷᠭᠡᠵᠢᠯ᠂ ᠦᠢᠯᠡᠳᠬᠦᠨ ︵ᠮᠠᠲ᠋ᠧᠷᠢᠶᠠᠯ︶᠂ ᠭᠠᠷ ᠤᠷᠠᠯᠠᠯ᠂ ᠲᠥᠬᠦᠭᠡᠷᠦᠮᠵᠢ ᠵᠡᠷᠭᠡ ᠨᠢ ᠣᠳᠣ ᠶᠢᠨ ᠪᠠᠶᠢᠭ᠎ᠠ ᠵᠠᠬ᠎ᠠ ᠳᠡᠯᠭᠡᠭᠦᠷ ᠲᠤ ᠪᠠᠰᠠ ᠬᠡᠷᠡᠭᠯᠡᠬᠦ ᠦᠨ᠎ᠡ ᠥᠷᠲᠡᠭ ᠲᠠᠢ ᠪᠠᠶᠢᠵᠤ᠂ ᠣᠨᠴᠠᠭᠠᠢ ᠲᠣᠭᠲᠠᠭᠠᠭᠰᠠᠨ ᠪᠠᠷᠢᠯᠭ᠎ᠠ ᠶᠢᠨ ᠲᠥᠷᠥᠯ ᠬᠡᠯᠪᠡᠷᠢ ᠪᠠ ᠬᠡᠰᠡᠭ ᠬᠡᠰᠡᠭ ᠪᠤᠶᠤ ᠣᠨᠴᠠᠭᠠᠢ ᠨᠥᠬᠦᠴᠡᠯ ᠤᠨ ᠳᠣᠤᠷ᠎ᠠ ᠬᠡᠷᠡᠭᠯᠡᠵᠦ ᠪᠣᠯᠤᠨ᠎ᠠ᠃    ︵ᠭᠤᠷᠪᠠ︶ ᠬᠡᠷᠡᠭᠯᠡᠬᠦ ᠶᠢ ᠬᠤᠷᠢᠭᠯᠠᠬᠤ ᠲᠥᠷᠥᠯ    ᠤᠯᠤᠰ ᠪᠠ ᠥᠪᠡᠷᠲᠡᠭᠡᠨ ᠵᠠᠰᠠᠬᠤ ᠣᠷᠣᠨ ᠨᠢᠭᠡᠨᠲᠡ ᠲᠣᠳᠣᠷᠬᠠᠢ ᠵᠠᠷᠯᠢᠭ ᠢᠶᠠᠷ ᠬᠡᠷᠡᠭᠯᠡᠬᠦ ᠶᠢ ᠬᠤᠷᠢᠭᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠳᠤ ᠨᠡᠶᠢᠴᠡᠬᠦ ᠦᠭᠡᠢ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠬᠤ ᠶᠢᠨ ᠠᠷᠭ᠎ᠠ ᠦᠭᠡᠢ᠂ ᠠᠵᠢᠯ ᠲᠥᠷᠥᠯ ᠤᠨ ᠮᠡᠷᠭᠡᠵᠢᠯ ᠤᠨ ᠳᠠᠪᠰᠢᠯᠲᠠ ᠶᠢ ᠬᠦᠨᠳᠦ ᠨᠣᠴᠢᠲᠠᠢ ᠬᠢᠵᠠᠭᠠᠷᠯᠠᠵᠤ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠨᠢ ᠬᠤᠴᠣᠷᠤᠩᠭᠤᠶ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠨᠥᠯᠥᠭᠡᠯᠡᠵᠦ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢᠨ ᠵᠢᠷᠤᠮᠵᠢᠯ ᠲᠠᠢ ᠨᠡᠶᠢᠴᠡᠬᠦ ᠦᠭᠡᠢ ᠮᠡᠷᠭᠡᠵᠢᠯ᠂ ᠦᠢᠯᠡᠳᠬᠦᠨ ︵ᠮᠠᠲ᠋ᠧᠷᠢᠶᠠᠯ︶᠂ ᠤᠷᠠᠯᠠᠯ᠂ ᠲᠥᠬᠦᠭᠡᠷᠦᠮᠵᠢ ᠵᠡᠷᠭᠡ᠃    ᠭᠤᠷᠪᠠ᠂ ᠪᠤᠰᠤᠳ ᠵᠦᠢᠯ    ︵ᠨᠢᠭᠡ︶ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠲᠤᠰ ᠭᠠᠵᠠᠷ ᠣᠷᠣᠨ ᠤ ᠪᠠᠨ ᠭᠤᠶᠤᠴᠢᠯᠠᠯ ᠤᠨ ᠬᠦᠰᠦᠨᠦᠭᠲᠦ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠶᠢ ᠬᠠᠷᠢᠭᠤᠴᠠᠵᠤ᠂ ᠲᠤᠬᠠᠢ ᠶᠢᠨ ᠭᠠᠵᠠᠷ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠤ ᠬᠡᠷᠡᠭᠯᠡᠯᠲᠡ ᠶᠢᠨ ᠪᠠᠶᠢᠳᠠᠯ ᠢ ᠭᠦᠢᠴᠡᠳ ᠣᠶᠢᠯᠠᠭᠠᠵᠤ᠂ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠦᠢᠯᠡᠳᠬᠦᠨ ᠪᠠ ᠮᠡᠷᠭᠡᠵᠢᠯ ᠤᠨ ᠰᠢᠰᠲ᠋ᠧᠮᠵᠢ ᠶᠢ ᠳ᠋ᠦᠩᠨᠡᠨ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠬᠤᠷᠢᠭᠯᠠᠬᠤ ᠮᠡᠷᠭᠡᠵᠢᠯ ᠤᠨ ᠭᠠᠷᠴᠠᠭ︾ ᠢ ᠴᠠᠭ ᠲᠤᠬᠠᠢ ᠳᠤ ᠨᠢ ᠲᠠᠨᠢᠯᠴᠠᠭᠤᠯᠤᠨ᠎ᠠ᠃    ︵ᠬᠤᠶᠠᠷ︶ ᠠᠵᠢᠯ ᠲᠦᠷᠦᠯ ︵ᠨᠡᠶᠢᠭᠡᠮᠯᠢᠭ︶ ᠤᠨ ᠨᠡᠶᠢᠭᠡᠮᠯᠢᠭ ᠲᠣᠰ ᠠᠵᠢᠯ ᠲᠥᠷᠥᠯ᠂ ᠲᠣᠰ ᠨᠡᠶᠢᠭᠡᠮᠯᠢᠭ ᠤᠨ ᠭᠡᠰᠢᠭᠦᠨ ᠨᠢᠭᠡᠴᠢ ᠶᠢ ᠵᠣᠬᠢᠶᠠᠨ ᠪᠠᠶᠢᠭᠤᠯᠵᠤ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠭᠠᠵᠠᠷ ᠬᠡᠷ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ ᠶᠢ ᠬᠠᠷᠢᠶ᠎ᠠ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠳᠡᠪᠰᠢᠭᠦᠯᠦᠨ ᠮᠡᠳᠡᠭᠦᠯᠬᠦ ᠶᠢ ᠬᠠᠷᠢᠭᠤᠴᠠᠨ᠎ᠠ᠃    ︵ᠭᠤᠷᠪᠠ︶ ᠭᠤᠶᠤᠴᠢᠯᠠᠭᠰᠠᠨ ᠨᠢᠭᠡᠴᠢ ᠱᠠᠭᠠᠷᠳᠠᠯᠭ᠎ᠠ ᠶᠣᠰᠣᠭᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠬᠤᠷᠢᠭᠯᠠᠬᠤ ᠮᠡᠷᠭᠡᠵᠢᠯ ᠤᠨ ᠭᠠᠷᠴᠠᠭ ᠤᠨ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 1︶ ᠡᠭᠦᠨ ᠤ ᠬᠠᠮᠲᠤ ᠠᠯᠪᠠᠨ ᠲᠠᠮᠠᠭ᠎ᠠ ᠳᠠᠷᠤᠵᠤ ᠬᠠᠮᠢᠶ᠎ᠠ ᠪᠦᠬᠦᠢ ᠮᠠᠲ᠋ᠧᠷᠢᠶᠠᠯ ᠢ ᠳᠠᠭᠠᠯᠳᠤᠭᠤᠯᠵᠤ᠂ ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ ᠢ ᠲᠣᠰ ᠭᠠᠵᠠᠷ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠤᠷᠢᠶᠠᠩᠭᠤᠶᠢᠯᠠᠨ ᠬᠢᠨᠠᠨ ᠬᠠᠷᠭᠤᠭᠤᠯᠵᠤ ᠪᠠᠲᠤᠯᠠᠭᠰᠠᠨ ᠲᠣᠰ ᠭᠠᠵᠠᠷ ᠣᠷᠣᠨ ᠤ ᠭᠤᠶᠤᠴᠢᠯᠠᠯ ᠤᠨ ᠬᠦᠰᠦᠨᠦᠭᠲᠦ ︵ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ︶᠂ ᠲᠠᠨᠢᠯᠴᠠᠭᠤᠯᠭ᠎ᠠ ᠶᠢᠨ ᠵᠠᠬᠢᠳᠠᠯ ᠪᠢᠴᠢᠵᠦ᠂ ᠲᠠᠨᠢᠯᠴᠠᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ︵ᠳᠠᠭᠠᠯᠳᠤᠭᠤᠯᠤᠯ 2︶ ᠭᠠᠷᠭᠠᠵᠤ᠂ 2023 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠲᠤ ᠨᠢᠭᠡᠳᠦᠯᠲᠡᠢ ᠢᠯᠡᠭᠡᠵᠦ᠂ ᠲᠡᠭᠦᠨ ᠢ ᠴᠤᠭᠯᠠᠭᠤᠯᠤᠨ ᠬᠤᠷᠢᠶᠠᠩᠭᠤᠶᠢᠯᠠᠭᠰᠠᠨ ᠤ ᠳᠠᠷᠠᠭ᠎ᠠ ᠲᠢᠩᠬᠢᠮ ᠤᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠲᠤ ᠮᠡᠳᠡᠭᠦᠯᠦᠨ ᠬᠦᠷᠭᠡᠨ᠎ᠡ᠃ᠭᠤᠶᠤᠴᠢᠯᠠᠭᠰᠠᠨ ᠨᠢᠭᠡᠴᠢ ᠶᠢᠨ ᠳᠤᠷᠠᠳᠤᠭᠰᠠᠨ ᠳᠡᠯᠭᠡᠷᠡᠭᠦᠯᠦᠭᠰᠡᠨ᠂ ᠬᠢᠵᠠᠭᠠᠷᠯᠠᠭᠰᠠᠨ ᠪᠠ ᠬᠡᠷᠡᠭᠯᠡᠬᠦ ᠶᠢ ᠬᠤᠷᠢᠭᠯᠠᠭᠰᠠᠨ ᠮᠡᠷᠭᠡᠵᠢᠯ᠂ ᠦᠢᠯᠡᠳᠬᠦᠨ ᠵᠡᠷᠭᠡ ᠶᠢ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠰᠦᠯᠵᠢᠶᠡᠨ ᠥᠷᠲᠡᠭᠡ ᠪᠠᠷ ᠢᠯᠡ ᠪᠠᠷ ᠰᠠᠨᠠᠯ ᠬᠤᠷᠢᠶᠠᠯᠭᠠᠭᠰᠠᠨ ᠤ ᠳᠠᠷᠠᠭ᠎ᠠ᠂ ᠮᠠᠨ ᠤ ᠲᠢᠩᠬᠢᠮ ᠠᠴᠠ ᠨᠡᠶᠢᠲᠡᠯᠡᠨ ᠬᠡᠷᠡᠭᠵᠢᠭᠦᠯᠵᠦ᠂ ᠡᠴᠦᠰ ᠲᠤ ᠨᠡᠶᠢᠲᠡᠯᠡᠬᠦ ᠦᠶ᠎ᠡ ᠳᠤ ᠡᠯ᠎ᠡ ᠲᠥᠷᠥᠯ ᠤᠨ ᠦᠢᠯᠡᠳᠬᠦᠨ ᠤ ᠪᠣᠳᠠᠲᠠᠶ ᠦᠢᠯᠡᠳᠪᠦᠷᠢᠯᠡᠯ ᠤᠨ ᠨᠢᠭᠡᠴᠢ ᠪᠠ ᠨᠠᠷᠠᠲᠤ ᠲᠡᠮᠳᠡᠭᠲᠦ ᠶᠢ ᠢᠯᠡᠷᠡᠭᠦᠯᠬᠦ ᠥᠬᠡᠶ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠪᠠᠷᠢᠯᠭ᠎ᠠ ᠶᠢᠨ ᠦᠢᠯᠡᠰ ᠤᠨ ᠨᠡᠢᠭᠡᠮᠯᠢᠭ    ᠬᠠᠷᠢᠯᠴᠠᠬᠤ ᠬᠥᠮᠥᠨ᠄ ᠦ᠋ ᠶᠠ ᠰᠢᠤᠸᠠᠨ᠂ ᠭᠤᠤ ᠫᠧᠩ ᠴᠧᠩ    ᠬᠠᠷᠢᠯᠴᠠᠬᠤ ᠤᠲᠠᠰᠤ᠄ 0471-6682144᠂ 13624845051    ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠲᠣᠷᠭᠠᠨ ᠵᠠᠮ ᠶᠡᠭᠡ ᠵᠠᠮ ᠤᠨ ᠰᠢᠩ ᠲᠠᠢ ᠬᠤᠳᠠᠯᠳᠤᠭᠠᠨ ᠤ ᠶᠠᠪᠤᠳᠠᠯ ᠤᠨ ᠲᠠᠯᠠᠪᠠᠢ ᠶᠢᠨ T4 ᠨᠣᠮᠧᠷᠲᠤ ᠶᠢᠨ 10 ᠳ᠋ᠤᠭᠠᠷ ᠳᠠᠪᠬᠤᠷᠯᠢᠭ    ᠰᠢᠤᠳᠠᠨ ᠨᠣᠮᠧᠷ᠄ 010051    ᠢᠮᠧᠯ᠄ nmjxzlaqb@163.com    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ    ᠬᠠᠷᠢᠯᠴᠠᠬᠤ ᠬᠦᠮᠦᠨ᠄ ᠸᠠᠩ ᠯᠢ ᠵᠢᠶᠦ᠋ᠨ    ᠬᠠᠷᠢᠯᠴᠠᠬᠤ ᠤᠲᠠᠰᠤ᠄ 0471-6944435    ᠳᠠᠭᠠᠯᠳᠤᠭᠤᠯᠤᠯ᠄     1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠬᠢᠭᠡᠳ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠬᠤᠷᠢᠭᠯᠠᠬᠤ ᠮᠡᠷᠭᠡᠵᠢᠯ ᠤᠨ ᠭᠠᠷᠴᠠᠭ ᠭᠤᠶᠤᠴᠢᠯᠠᠬᠤ ᠬᠦᠰᠦᠨᠦᠭ    2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠬᠢᠭᠡᠳ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠬᠤᠷᠢᠭᠯᠠᠬᠤ ᠮᠡᠷᠭᠡᠵᠢᠯ ᠤᠨ ᠭᠠᠷᠴᠠᠭ ᠤᠨ ᠪᠠᠲᠤᠯᠠᠨ ᠲᠠᠨᠢᠯᠴᠠᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ       ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ            2023 ᠣᠨ ᠤ 11 ᠳ᠋ᠦ᠋ᠭᠡᠷ ᠰᠠᠷ᠎ᠠ ᠶᠢᠨ 16 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶ᠎ᠠ ᠶ᠋᠊
Baidu
map