︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠴᠠᠭᠠᠵᠠᠯᠠᠬᠤ ᠭᠠᠷᠴᠠᠭ︾ ᠡᠯᠰᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/11/17
ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠢᠩᠬᠢᠮ ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ ᠭᠡᠷ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠬᠤᠯᠪᠣᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ ︵ᠡᠷᠳᠡᠮ ᠰᠢᠨᠵᠢᠯᠡᠭᠡᠨ ᠤ ᠨᠡᠶᠢᠭᠡᠮᠯᠢᠭ︶ ᠲᠤ ᠄    ᠤᠯᠤᠰ᠂ ᠥᠪᠡᠷᠲᠡᠭᠡᠨ ᠵᠠᠰᠠᠬᠤ ᠣᠷᠣᠨ ᠤ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠠ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠡᠷᠢᠭᠦᠨ ᠤ ᠮᠡᠷᠭᠡᠵᠢᠯ ᠪᠣᠯᠣᠨ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠬᠤᠴᠤᠷᠤᠩᠭᠤᠢ ᠮᠡᠷᠭᠡᠵᠢᠯ ᠢ ᠬᠢᠵᠠᠭᠠᠷᠯᠠᠬᠤ ᠪᠠ ᠭᠡᠭᠡᠭᠳᠡᠭᠦᠯᠵᠦ᠂ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾᠂ ︽ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠳᠡᠯᠭᠡᠷᠡᠭᠦᠯᠦᠨ ᠬᠡᠷᠡᠭᠯᠡᠬᠦ ᠰᠢᠨ᠎ᠡ ᠮᠡᠷᠭᠡᠵᠢᠯ ᠤᠨ ᠬᠠᠮᠢᠶᠠᠷᠤᠯᠲᠠ ᠶᠢᠨ ᠲᠣᠭᠲᠠᠭᠠᠯ︾ ︵ᠪᠠᠶᠢᠭᠤᠯᠤᠯᠲᠠ ᠶᠠᠮᠤᠨ ᠵᠠᠷᠯᠢᠭ 109 ᠳ᠋ᠤᠭᠡᠷ ᠲᠣᠭᠠᠲᠤ︶ ᠪᠣᠯᠣᠨ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠴᠠᠭᠠᠵᠠᠯᠠᠬᠤ ᠭᠠᠷᠴᠠᠭ︾ ᠢ ᠰᠤᠳᠤᠯᠤᠨ ᠲᠣᠭᠲᠠᠭᠠᠵᠤ᠂ ᠡᠳᠦᠭᠡ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠳᠡᠯᠭᠡᠷᠡᠭᠦᠯᠬᠦ᠂ ᠬᠡᠷᠡᠭᠯᠡᠬᠦ ᠶᠢ ᠬᠢᠵᠠᠭᠠᠷᠯᠠᠬᠤ ᠪᠠ ᠴᠠᠭᠠᠵᠠᠯᠠᠬᠤ ᠮᠡᠷᠭᠡᠵᠢᠯ ᠵᠢᠴᠢ ᠦᠢᠯᠡᠳᠬᠦᠨ ᠤ ᠭᠠᠷᠴᠠᠭ ᠢ ᠢᠯᠡ ᠪᠠᠷ ᠡᠯᠰᠡᠨ᠎ᠡ ᠂ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ ᠨᠢᠭᠡ᠂ ᠡᠯᠰᠡᠬᠦ ᠬᠡᠪᠴᠢᠶ᠎ᠡ    ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠤ ᠭᠠᠷᠴᠠᠭ ᠤᠨ ᠬᠦᠷᠢᠶ᠎ᠡ ᠬᠡᠪᠴᠢᠶ᠎ᠡ ᠶᠢᠨ ᠱᠠᠭᠠᠷᠳᠠᠯᠭ᠎ᠠ ᠶᠢ ᠬᠠᠩᠭᠠᠭᠰᠠᠨ᠂ ᠤᠯᠤᠰ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠭᠤᠷᠪᠠᠳᠤᠭᠠᠷ ᠲᠥᠷᠥᠯ ᠤᠨ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠴᠠᠭᠠᠵᠠᠯᠠᠬᠤ ᠳᠤ ᠬᠤᠯᠪᠣᠭᠳᠠᠬᠤ᠂ ᠮᠠᠨ ᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠬᠦᠷᠢᠶ᠎ᠡ ᠴᠠᠷᠠᠭ᠎ᠠ ᠶᠢᠨ ᠮᠡᠷᠭᠡᠵᠢᠯ᠂ ᠦᠢᠯᠡᠳᠬᠦᠨ ︵ᠮᠠᠲ᠋ᠧᠷᠢᠶᠠᠯ︶᠂ ᠤᠷᠠᠯᠠᠯ᠂ ᠲᠥᠬᠦᠭᠡᠷᠦᠮᠵᠢ ᠵᠡᠷᠭᠡ ᠶᠢ ᠬᠠᠮᠤᠷᠤᠭᠰᠠᠨ ᠪᠠᠶᠢᠪᠠᠯ ᠴᠥᠮ ᠭᠤᠶᠤᠴᠢᠯᠠᠬᠤ ᠪᠠ ᠲᠠᠨᠢᠯᠴᠠᠭᠤᠯᠵᠤ ᠪᠣᠯᠣᠨ᠎ᠠ᠃ᠬᠤᠶᠠᠷ᠂ ᠡᠯᠰᠡᠬᠦ ᠱᠠᠭᠠᠷᠳᠠᠯᠭ᠎ᠠ    ︵ᠨᠢᠭᠡ︶ ᠳᠡᠯᠭᠡᠷᠡᠭᠦᠯᠦᠨ ᠬᠡᠷᠡᠭᠯᠡᠬᠦ ᠲᠦᠷᠦᠯ    ᠤᠯᠤᠰ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠴᠢᠬᠤᠯᠠ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠭ ᠲᠥᠯᠥᠪᠯᠡᠭᠡ ᠶᠢᠨ ᠵᠢᠷᠤᠭ ᠤᠨ ᠡᠮᠬᠢᠳᠬᠡᠯ᠂ ᠪᠠᠷᠢᠯᠭ᠎ᠠ ᠶᠢᠨ ᠠᠵᠢᠯ ᠤᠨ ᠠᠷᠭ᠎ᠠ ᠵᠡᠷᠭᠡ ᠢᠵᠢ ᠪᠦᠷᠢᠳᠦᠭᠰᠡᠨ ᠪᠠᠷᠢᠮᠵᠢᠶᠠᠵᠢᠭᠤᠯᠤᠭᠰᠠᠨ ᠬᠡᠷᠡᠭᠯᠡᠭᠡᠨ ᠤ ᠮᠡᠷᠭᠡᠵᠢᠯ ᠤᠨ ᠪᠢᠴᠢᠭ ᠮᠠᠲ᠋ᠧᠷᠢᠶᠠᠯ ᠢ ᠪᠦᠷᠢᠳᠦᠭᠦᠯᠵᠦ᠂ ᠢᠨᠵᠧᠨᠧᠷᠢᠩ ᠤᠨ ᠦᠢᠯᠡᠳᠦᠯᠭᠡ ᠪᠠᠷ ᠳᠡᠮᠵᠢᠨ ᠬᠡᠷᠡᠭᠯᠡᠵᠦ᠂ ᠳᠡᠯᠭᠡᠷᠡᠭᠦᠯᠦᠨ ᠬᠡᠷᠡᠭᠯᠡᠬᠦ ᠦᠨ᠎ᠡ ᠥᠷᠲᠡᠭ ᠲᠠᠢ᠂ ᠡᠷᠬᠡ ᠶᠢᠨ ᠬᠠᠷᠢᠶ᠎ᠠ ᠳᠤ ᠮᠠᠷᠭᠤᠯᠳᠤᠭᠠᠨ ᠦᠭᠡᠢ᠃    ︵ᠬᠤᠶᠠᠷ︶ ᠬᠢᠵᠠᠭᠠᠷᠲᠤ ᠬᠡᠷᠡᠭᠯᠡᠭᠡᠨ ᠤ ᠲᠦᠷᠦᠯ    ᠮᠡᠷᠭᠡᠵᠢᠯ᠂ ᠦᠢᠯᠡᠳᠬᠦᠨ ︵ᠮᠠᠲ᠋ᠧᠷᠢᠶᠠᠯ︶᠂ ᠤᠷᠠᠯᠠᠯ᠂ ᠲᠥᠬᠦᠭᠡᠷᠦᠮᠵᠢ ᠵᠡᠷᠭᠡ ᠨᠢ ᠣᠳᠣ ᠶᠢᠨ ᠵᠠᠬ᠎ᠠ ᠳᠡᠯᠭᠡᠭᠦᠷ ᠲᠤ ᠪᠠᠰᠠ ᠬᠡᠷᠡᠭᠴᠡᠭᠡᠨ ᠤ ᠦᠨ᠎ᠡ ᠥᠷᠲᠡᠭ ᠲᠠᠢ᠂ ᠣᠨᠴᠠ ᠲᠣᠭᠲᠠᠭᠰᠠᠨ ᠪᠠᠷᠢᠯᠭ᠎ᠠ ᠶᠢᠨ ᠲᠥᠷᠥᠯ ᠬᠡᠯᠪᠡᠷᠢ ᠪᠠ ᠣᠷᠣᠨ ᠪᠠᠶᠢᠷᠢ ᠪᠤᠶᠤ ᠣᠨᠴᠠ ᠲᠣᠭᠲᠠᠭᠰᠠᠨ ᠨᠥᠬᠦᠴᠡᠯ ᠳᠣᠣᠷ᠎ᠠ ᠬᠡᠷᠡᠭᠯᠡᠵᠦ ᠪᠣᠯᠣᠨ᠎ᠠ     ︵ᠭᠤᠷᠪᠠ︶ ᠬᠡᠷᠡᠭᠯᠡᠬᠦ ᠶᠢ ᠴᠠᠭᠠᠵᠠᠯᠠᠬᠤ ᠲᠦᠷᠦᠯ    ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠬᠡᠷᠡᠭᠯᠡᠬᠦ ᠶᠢ ᠨᠢᠭᠡᠨᠲᠡ ᠲᠣᠳᠣᠷᠬᠠᠢ ᠵᠠᠷᠯᠢᠭᠳᠠᠨ ᠴᠠᠭᠠᠵᠠᠯᠠᠵᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠣᠨ ᠡᠨᠧᠷᠬᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠲᠤ ᠨᠡᠶᠢᠴᠡᠬᠦ ᠦᠭᠡᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠬᠤ ᠶᠢᠨ ᠠᠷᠭ᠎ᠠ ᠦᠭᠡᠢ᠂ ᠠᠵᠢᠯ ᠲᠥᠷᠥᠯ ᠤᠨ ᠮᠡᠷᠭᠡᠵᠢᠯ ᠤᠨ ᠲᠠᠪᠰᠢᠯᠳᠠ ᠶᠢ ᠬᠦᠨᠳᠦ ᠨᠣᠴᠢᠲᠠᠢ ᠬᠢᠵᠠᠭᠠᠷᠯᠠᠭᠰᠠᠨ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠬᠤᠴᠤᠷᠤᠩᠭᠤᠢ᠂ ᠪᠠᠷᠢᠯᠭ᠎ᠠ ᠶᠢᠨ ᠶᠠᠰᠤ ᠴᠢᠨᠠᠷ ᠤᠨ ᠠᠶᠦᠯᠭᠦᠢ ᠶᠢ ᠨᠥᠯᠥᠭᠡᠯᠡᠭᠰᠡᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠵᠢᠷᠤᠮᠵᠢᠯ  ᠯᠤᠭ᠎ᠠ ᠨᠡᠶᠢᠴᠡᠬᠦ ᠦᠭᠡᠢ ᠮᠡᠷᠭᠡᠵᠢᠯ᠂ ᠦᠢᠯᠡᠳᠬᠦᠨ ︵ᠮᠠᠲ᠋ᠧᠷᠢᠶᠠᠯ︶᠂ ᠤᠷ᠎ᠠ ᠮᠡᠷᠭᠡᠰᠢᠯ᠂ ᠲᠥᠬᠦᠭᠡᠷᠦᠮᠵᠢ ᠵᠡᠷᠭᠡ᠃ᠭᠤᠷᠪᠠ᠂ ᠪᠤᠰᠤᠳ ᠵᠦᠢᠯ    ︵ᠨᠢᠭᠡ︶ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠰ ᠭᠠᠵᠠᠷ ᠣᠷᠣᠨ ᠤ ᠪᠠᠨ ᠭᠤᠶᠤᠴᠢᠯᠠᠯ ᠤᠨ ᠬᠦᠰᠦᠨᠦᠭᠲᠦ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ  ᠶᠢ ᠬᠠᠷᠢᠭᠤᠴᠠᠵᠤ᠂ ᠲᠤᠬᠠᠢ ᠶᠢᠨ ᠭᠠᠵᠠᠷ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠤ ᠬᠡᠷᠡᠭᠯᠡᠯᠲᠡ ᠶᠢᠨ ᠪᠠᠶᠢᠳᠠᠯ ᠢ ᠭᠦᠢᠴᠡᠳ ᠣᠶᠢᠯᠠᠭᠠᠵᠤ᠂ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠴᠢᠨᠠᠷ ᠰᠠᠶᠢᠲᠠᠢ ᠬᠥᠭᠵᠢᠯᠲᠡ ᠳᠤ ᠲᠣᠬᠢᠷᠠᠬᠤ ᠦᠢᠯᠡᠳᠬᠦᠨ ᠪᠠ ᠮᠡᠷᠭᠡᠵᠢᠯ ᠤᠨ ᠰᠢᠰᠲ᠋ᠧᠮᠵᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠡᠷᠡᠭᠯᠡᠬᠦ ᠶᠢ ᠬᠢᠵᠠᠭᠠᠷᠯᠠᠬᠤ ᠪᠠ ᠴᠠᠭᠠᠵᠠᠯᠠᠬᠤ ᠮᠡᠷᠭᠡᠵᠢᠯ ᠤᠨ ᠭᠠᠷᠴᠠᠭ︾ ᠢ ᠴᠠᠭ ᠲᠤᠬᠠᠢ ᠳᠤᠨᠢ ᠳ᠋ᠦᠩᠨᠡᠨ ᠲᠡᠭᠦᠯᠳᠡᠷᠵᠢᠭᠦᠯᠵᠦ ᠲᠠᠨᠢᠯᠴᠠᠭᠤᠯᠤᠨ᠎ᠠ᠃    ︵ᠬᠤᠶᠠᠷ︶ ᠠᠵᠢᠯ ᠲᠥᠷᠥᠯ ᠤᠨ ᠨᠡᠶᠢᠭᠡᠮᠯᠢᠭ ︵ᠡᠷᠳᠡᠮ ᠰᠢᠨᠵᠢᠯᠡᠭᠡᠨ ᠤ ᠨᠡᠶᠢᠭᠡᠮᠯᠢᠭ︶ ᠨᠢ ᠲᠣᠰ ᠠᠵᠢᠯ ᠲᠥᠷᠥᠯ᠂ ᠲᠣᠰ ᠨᠡᠶᠢᠭᠡᠮᠯᠢᠭ  ᠤᠨ ᠭᠡᠰᠢᠭᠦᠨ ᠨᠢᠭᠡᠴᠢ ᠢᠶᠠᠨ ᠬᠠᠷᠢᠭᠤᠴᠠᠨ ᠵᠣᠬᠢᠶᠠᠨ ᠪᠠᠶᠢᠭᠤᠯᠵᠤ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠲᠢᠩᠬᠢᠮ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠭᠡᠷ᠂ ᠲᠢᠩᠬᠢᠮ  ᠤᠨ ᠰᠢᠭᠤᠳ ᠬᠠᠷᠢᠶ᠎ᠠ ᠡᠯ᠎ᠡ ᠨᠢᠭᠡᠴᠢ ᠨᠢ ᠬᠠᠷᠢᠶ᠎ᠠ ᠭᠠᠵᠠᠷ ᠤᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠳᠡᠪᠰᠢᠭᠦᠯᠦᠨ ᠮᠡᠳᠡᠭᠦᠯᠦᠨ᠎ᠡ᠃    ︵ᠭᠤᠷᠪᠠ︶ ᠭᠤᠶᠤᠴᠢᠯᠠᠭᠰᠠᠨ ᠨᠢᠭᠡᠴᠢ ᠨᠢ ᠱᠠᠭᠠᠷᠳᠠᠯᠭ᠎ᠠ ᠶᠣᠰᠣᠭᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠴᠠᠭᠠᠵᠠᠯᠠᠬᠤ ᠮᠡᠷᠭᠡᠵᠢᠯ ᠤᠨ ᠭᠠᠷᠴᠠᠭ ᠤᠨ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠨ ᠪᠢᠴᠢᠬᠦ ᠶᠢᠨ ᠬᠠᠮᠲᠤ ᠠᠯᠪᠠᠨ ᠲᠠᠮᠠᠭ᠎ᠠ ᠳᠠᠷᠤᠵᠤ᠂ ᠬᠠᠮᠢᠶ᠎ᠠ ᠪᠦᠬᠦᠢ ᠮᠠᠲ᠋ᠧᠷᠢᠶᠠᠯ ᠢ ᠳᠠᠭᠠᠯᠳᠤᠭᠤᠯᠤᠨ᠂ ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ ᠢ ᠲᠣᠰ ᠭᠠᠵᠠᠷ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃    ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠤᠷᠢᠶᠠᠩᠭᠤᠶᠢᠯᠠᠨ ᠬᠢᠨᠠᠨ ᠬᠠᠷᠭᠤᠭᠤᠯᠵᠤ ᠪᠠᠲᠤᠯᠠᠭᠰᠠᠨ ᠲᠣᠰ ᠭᠠᠵᠠᠷ ᠣᠷᠣᠨ ᠤ ᠭᠤᠶᠤᠴᠢᠯᠠᠯ ᠤᠨ ᠬᠦᠰᠦᠨᠦᠭᠲᠦ ︵ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ︶ ᠳᠤ ᠲᠠᠨᠢᠯᠴᠠᠭᠤᠯᠭ᠎ᠠ ᠶᠢᠨ ᠪᠢᠴᠢᠭ ᠭᠠᠷᠭᠠᠨ᠂ ᠲᠠᠨᠢᠯᠴᠠᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ︵ᠳᠠᠭᠠᠯᠳᠤᠭᠤᠯᠤᠯ 2︶ ᠶᠢ ᠲᠠᠭᠯᠠᠵᠤ᠂ 2023 ᠣᠨ ᠤ 12 ᠳ᠋ᠤᠭᠠᠷ ᠰᠠᠷ᠎ᠠ ᠶᠢᠨ 29 ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠲᠤ ᠨᠢᠭᠡᠳᠦᠯᠲᠡᠢ ᠰᠢᠤᠳᠠᠨ ᠢᠶᠠᠷ ᠶᠠᠪᠤᠭᠤᠯᠵᠤ᠂ ᠬᠤᠷᠢᠶᠠᠨ ᠬᠤᠷᠢᠶᠠᠩᠭᠤᠶᠢᠯᠠᠭᠰᠠᠨ ᠤ ᠳᠠᠷᠠᠭ᠎ᠠ ᠲᠢᠩᠬᠢᠮ ᠤᠨ ᠪᠠᠷᠢᠮᠵᠢᠶᠠᠲᠤ ᠨᠣᠷᠮ᠎ᠠ ᠪᠠ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠲᠤ ᠮᠡᠳᠡᠭᠦᠯᠦᠨ ᠬᠦᠷᠭᠡᠨ᠎ᠡ᠃    ᠭᠤᠶᠤᠴᠢᠯᠠᠭᠰᠠᠨ ᠨᠢᠭᠡᠴᠢ ᠶᠢᠨ ᠲᠡᠪᠰᠢᠭᠦᠯᠦᠭᠰᠡᠨ ᠳᠡᠯᠭᠡᠷᠡᠭᠦᠯᠬᠦ᠂ ᠬᠢᠵᠠᠭᠠᠷᠯᠠᠬᠤ ᠪᠠ ᠬᠡᠷᠡᠭᠯᠡᠬᠦ ᠶᠢ ᠴᠠᠭᠠᠵᠠᠯᠠᠭᠰᠠᠨ ᠮᠡᠷᠭᠡᠵᠢᠯ᠂ ᠦᠢᠯᠡᠳᠬᠦᠨ ᠵᠡᠷᠭᠡ ᠶᠢ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠵᠤ᠂ ᠰᠦᠯᠵᠢᠶ᠎ᠡ ᠪᠠᠷ ᠵᠠᠷᠯᠠᠨ ᠨᠡᠶᠢᠲᠡᠯᠡᠵᠦ ᠰᠠᠨᠠᠯ ᠬᠤᠷᠢᠶᠠᠭᠰᠠᠨ ᠤ ᠳᠠᠷᠠᠭ᠎ᠠ᠂ ᠮᠠᠨ ᠤ ᠲᠢᠩᠬᠢᠮ ᠠᠴᠠ ᠨᠡᠶᠢᠲᠡᠯᠡᠨ ᠬᠡᠷᠡᠭᠵᠢᠭᠦᠯᠦᠨ᠎ᠡ᠂ ᠬᠠᠮᠤᠭ ᠡᠴᠦᠰ ᠲᠤ ᠨᠡᠶᠢᠲᠡᠯᠡᠬᠦ ᠦᠶ᠎ᠡ ᠳᠤ ᠡᠯ᠎ᠡ ᠲᠥᠷᠥᠯ ᠤᠨ ᠦᠢᠯᠡᠳᠬᠦᠨ ᠤ ᠪᠣᠳᠠᠲᠠᠢ  ᠦᠢᠯᠡᠳᠪᠦᠷᠢᠯᠡᠯ  ᠤᠨ ᠨᠢᠭᠡᠴᠢ ᠪᠠ ᠨᠠᠷᠠᠲᠤ ᠲᠡᠮᠳᠡᠭᠲᠦ ᠶᠢ ᠢᠯᠡᠷᠡᠭᠦᠯᠬᠦ ᠦᠭᠡᠢ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ    ᠬᠠᠷᠢᠯᠴᠠᠬᠤ ᠬᠦᠮᠦᠨ᠄ ᠦ᠋ ᠶᠠ ᠰᠢᠤᠸᠠᠨ᠂ ᠭᠤᠣ ᠫᠧᠩ ᠴᠧᠩ     ᠬᠠᠷᠢᠯᠴᠠᠬᠤ ᠤᠲᠠᠰᠤ᠄ 0471-6682144᠂ 13624845051     ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠲᠣᠷᠭᠠᠨ ᠤ ᠶᠡᠭᠡ ᠵᠠᠮ ᠤᠨ ᠰᠢᠩ ᠲᠠᠢ ᠬᠤᠳᠠᠯᠳᠤᠭᠠᠨ ᠤ ᠶᠠᠪᠤᠳᠠᠯ ᠤᠨ ᠲᠠᠯᠠᠪᠠᠶ ᠶᠢᠨ T4 ᠳ᠋ᠤᠭᠡᠷ ᠨᠤᠮᠧᠷᠳᠦ 10 ᠳ᠋ᠤᠭᠠᠷ ᠳᠠᠪᠬᠤᠷᠯᠢᠭ    ᠰᠢᠤᠳᠠᠨ ᠳ᠋ᠤᠭᠠᠷ᠄ 010051     ᠢᠮᠧᠯ᠄ nmjxzlaqb@163.com     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶᠠᠳᠦ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ      ᠬᠠᠷᠢᠯᠴᠠᠬᠤ ᠬᠥᠮᠥᠨ᠄ ᠸᠠᠩ ᠯᠢ ᠵᠢᠶᠦ᠋ᠨ    ᠬᠠᠷᠢᠯᠴᠠᠬᠤ ᠤᠲᠠᠰᠤ᠄ 0471-6944435     ᠳᠠᠭᠠᠯᠳᠤᠭᠤᠯᠤᠯ᠄     1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠡᠷᠡᠭᠯᠡᠬᠦ ᠶᠢ ᠬᠢᠵᠠᠭᠠᠷᠯᠠᠬᠤ ᠪᠠ ᠴᠠᠭᠠᠵᠠᠯᠠᠬᠤ ᠮᠡᠷᠭᠡᠵᠢᠯ ᠤᠨ ᠭᠠᠷᠴᠠᠭ ᠤᠨ ᠭᠤᠶᠤᠴᠢᠯᠠᠯ ᠤᠨ ᠬᠦᠰᠦᠨᠦᠭᠲᠦ     2᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢᠯᠡᠳᠬᠦᠨ ᠢ ᠳᠡᠯᠭᠡᠷᠡᠭᠦᠯᠬᠦ᠂ ᠬᠡᠷᠡᠭᠯᠡᠬᠦ ᠶᠢ ᠬᠢᠵᠠᠭᠠᠷᠯᠠᠬᠤ ᠪᠠ ᠴᠠᠭᠠᠵᠠᠯᠠᠬᠤ ᠮᠡᠷᠭᠡᠵᠢᠯ ᠤᠨ ᠭᠠᠷᠴᠠᠭ ᠢ ᠲᠠᠨᠢᠯᠴᠠᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ     ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ        2023 ᠣᠨ ᠤ 11ᠳ᠋ᠤᠭᠡᠷ ᠰᠠᠷ᠎ᠠ ᠶᠢᠨ 16 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶᠠᠳᠦ
Baidu
map