ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/27
    11 ᠳ᠋ᠤᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠠ ᠪᠠᠶᠠᠷ ᠤᠨ ᠦᠭᠡ᠂ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃
1.jpg
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠪᠡᠯᠡ ᠣᠷᠣᠭᠤᠯᠵᠤ ᠪᠡᠯᠡ ᠮᠥᠩᠭᠦ ᠴᠤᠭᠯᠠᠭᠤᠯᠬᠤ ᠵᠠᠭᠪᠤᠷ ᠤᠨ ᠰᠢᠨ᠎ᠡ ᠶᠢ ᠡᠭᠦᠳᠬᠦ ᠪᠠᠷ ᠭᠠᠷᠳᠠᠴᠠ ᠪᠣᠯᠭᠠᠵᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠢ ᠢᠳᠡᠪᠬᠢᠲᠡᠢ ᠨᠡᠮᠡᠷᠢᠯᠡᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠤᠯᠤᠰ ᠤᠨ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠨᠠᠩ ᠣᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠳᠤᠯᠠᠭᠠᠳᠤ ᠲᠤᠰᠢᠶᠠᠬᠤ ᠠᠰᠠᠷ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ  ᠶᠢᠨ ᠰᠢᠨᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠵᠡᠷᠭᠡ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ᠃ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ︽ᠵᠠᠰᠠᠭ ᠪᠠᠩᠬᠢ ᠠᠵᠤ ᠠᠬᠤᠶᠢᠯᠠᠯ︾ ᠤᠨ ᠬᠠᠮᠲᠤᠷᠠᠯᠴᠠᠭ᠎ᠠ ᠵᠣᠬᠢᠴᠠᠭᠤᠯᠭ᠎ᠠ ᠶᠢᠨ ᠲᠣᠭᠲᠠᠴᠠ ᠶᠢ ᠰᠠᠶᠢᠲᠤᠷ ᠠᠰᠢᠭᠯᠠᠵᠤ᠂ ᠣᠯᠣᠯᠴᠠᠨ ᠰᠣᠯᠢᠯᠴᠠᠬᠤ ᠲᠠᠪᠴᠠᠩ ᠢ ᠪᠠᠶᠢᠭᠤᠯᠵᠤ᠂ ᠮᠥᠩᠭᠦᠨ ᠭᠦᠢᠯᠭᠡᠭᠡ ᠪᠣᠯᠣᠨ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠬᠥᠷᠥᠩᠭᠡ ᠶᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠭᠡᠷ ᠪᠠᠶᠢᠰᠢᠩ ᠤᠨ ᠶᠡᠭᠡ ᠵᠠᠰᠠᠯᠲᠠ ᠶᠢᠨ ᠰᠠᠭᠤᠷᠢ ᠮᠥᠩᠭᠦ ᠵᠡᠷᠭᠡ ᠶᠢ ᠬᠢᠨᠠᠨ ᠬᠠᠮᠢᠶᠠᠷᠴᠤ ᠬᠡᠷᠡᠭᠯᠡᠬᠦ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ᠂ ᠠᠶᠤᠯ ᠲᠦᠭᠰᠢᠭᠦᠷᠢ ᠶᠢᠨ ᠥᠷᠢᠰᠦᠯᠳᠦᠭᠡᠨ ᠢ ᠠᠷᠭᠠᠴᠠᠬᠤ ᠪᠠ ᠠᠷᠢᠯᠭᠠᠬᠤ ᠪᠡᠯᠡᠳᠬᠡᠯ ᠲᠥᠰᠥᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨᠬᠦ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠣᠷᠣᠨ ᠰᠠᠭᠤᠴᠠ ᠪᠣᠯᠣᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ︾ ᠳᠡᠭᠡᠷ᠎ᠡ ᠣᠷᠣᠨ ᠰᠠᠭᠤᠴᠠ ᠪᠣᠯᠣᠨ ᠪᠦᠲᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠪᠣᠬᠢᠷᠲᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠡᠨᠧᠷᠭᠢ ᠶᠢᠨ ᠬᠤᠷᠣᠭᠳᠠᠭᠤᠯᠤᠯ ᠪᠠᠭ᠎ᠠ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠡᠯᠪᠡᠷᠢ ᠬᠤᠪᠢᠷᠠᠭᠤᠯᠤᠨ ᠬᠦᠭᠵᠢᠯᠳᠡ ᠶᠢ ᠲᠦᠷᠭᠡᠪᠴᠢᠯᠡᠨ ᠠᠬᠢᠭᠤᠯᠵᠤ᠂ ᠬᠠᠶᠢᠮᠢᠶᠠᠨ ᠬᠤᠳᠠ᠂ ᠠᠷᠢᠭᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠷᠲᠤ ᠬᠤᠭᠤᠴᠠᠭ᠎ᠠ ᠪᠠᠷ ᠰᠠᠶᠢᠲᠤᠷ ᠬᠢᠵᠦ᠂ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ︽ᠨᠢᠭᠡ ᠨᠠᠭᠤᠷ ᠬᠤᠶᠠᠷ ᠲᠡᠯᠡᠶ︾ ᠶᠢᠨ ᠤᠰᠤᠨ ᠤ ᠠᠮᠢ ᠠᠬᠤᠢ ᠶᠢ ᠵᠠᠰᠠᠬᠤ᠂ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠥᠭᠡᠷᠡᠴᠢᠯᠡᠯᠲᠡ ᠶᠢ ᠲᠦᠷᠭᠡᠳᠬᠡᠨ ᠬᠡᠷᠡᠭᠵᠢᠭᠦᠯᠵᠦ᠂ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠨ᠎ᠠ᠃ ᠬᠠᠤᠯᠢᠵᠢᠯ ᠤᠨ ᠪᠠᠲᠤᠯᠠᠭ᠎ᠠ ᠪᠠ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠲᠣᠭᠲᠠᠭᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠡᠯᠪᠡᠷᠢ ᠬᠤᠪᠢᠷᠠᠭᠤᠯᠬᠤ ᠲᠤᠬᠠᠢ ᠬᠠᠤᠯᠢ ᠲᠣᠭᠲᠠᠭᠠᠯ  ᠤᠨ ᠪᠢᠴᠢᠭ ᠮᠠᠲ᠋ᠧᠷᠢᠶᠠᠯ ᠢ ᠨᠡᠶᠢᠲᠡᠯᠡᠬᠦ ᠶᠢ ᠲᠦᠷᠭᠡᠨ ᠠᠬᠢᠭᠤᠯᠵᠤ᠂ ᠬᠠᠤᠯᠢᠵᠢᠯ᠂ ᠵᠠᠬ᠎ᠠ ᠳᠡᠯᠭᠡᠭᠦᠷ᠂ ᠰᠢᠨᠵᠢᠯᠡᠬᠦ ᠤᠬᠠᠭᠠᠨ ᠮᠡᠷᠭᠡᠵᠢᠯ᠂ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠳᠦᠷᠢᠮ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠡᠯᠡᠬᠡᠢ ᠶᠢᠨ ᠢᠨᠲ᠋ᠥᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠴᠢᠬᠤᠯᠠ ᠶᠠᠷᠢᠶ᠎ᠠ  ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠣᠭᠠᠴᠢᠯᠠᠭᠰᠠᠨ ᠴᠠᠭ ᠦᠶ᠎ᠡ ᠶᠢᠨ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠴᠢᠩᠭ᠎ᠠ ᠠᠳᠬᠤᠵᠤ᠂ ︽ᠢᠨᠲ᠋ᠧᠷ ᠰᠦᠯᠵᠢᠶ᠎ᠡ +︾ ᠬᠥᠭᠵᠢᠯᠲᠡ ᠶᠢᠨ ᠠᠷᠭ᠎ᠠ ᠵᠠᠮ ᠢ ᠪᠠᠲᠤ ᠡᠵᠡᠮᠳᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠤᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠲᠣᠭᠠᠴᠢᠯᠠᠭᠰᠠᠨ ᠮᠡᠷᠭᠡᠵᠢᠯ ᠪᠣᠯᠣᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠷᠣᠨ ᠰᠠᠭᠤᠴᠠ ᠶᠢᠨ ᠬᠢᠨᠠᠯᠲᠠ ᠬᠠᠮᠢᠶᠠᠷᠤᠯᠲᠠ ᠶᠢ ᠲᠤᠭᠤᠴᠢᠯᠠᠭᠰᠠᠨ᠂ ᠬᠤᠳᠠ ᠶᠢᠨ ᠪᠦᠳᠦᠭᠡᠨ ᠪᠠᠶᠢᠭᠤᠯᠤᠯᠳᠠ ᠣᠶᠤᠨᠴᠢᠯᠠᠭᠰᠠᠨ ᠂ ᠬᠤᠳᠠ ᠶᠢᠨ ᠬᠠᠮᠢᠶᠠᠷᠤᠯᠳᠠ ᠨᠠᠷᠢᠯᠢᠭᠵᠢᠭᠰᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠦᠢᠭᠦᠮᠴᠢᠯᠡᠭᠰᠡᠨ ᠢᠶᠠᠷ ᠬᠠᠷᠠᠯᠲᠠ ᠪᠣᠯᠭᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠤᠭᠤᠴᠢᠯᠠᠭᠰᠠᠨ ᠬᠡᠷᠡᠭᠯᠡᠭᠡᠨ ᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠲᠠᠰ ᠲᠥᠷᠥᠯ ᠬᠤᠪᠢᠶᠠᠨ ᠠᠬᠢᠭᠤᠯᠵᠤ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠲᠤᠭᠤᠴᠢᠯᠠᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠭᠦᠯᠢᠨ᠎ᠡ᠃ ᠲᠣᠭᠠᠴᠢᠯᠠᠭᠰᠠᠨ ᠡᠨᠧᠷᠭᠢ ᠣᠯᠭᠤᠬᠤ ᠶᠢᠨ ᠦᠷᠡᠵᠢᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠠᠷᠢᠯᠭ᠎ᠠ ᠶᠢᠨ ᠦᠢᠯᠡᠰ ᠤᠨ ᠢᠨᠲ᠋ᠥᠷ ᠰᠦᠯᠵᠢᠶᠡᠨ ᠤ ᠲᠠᠪᠴᠠᠩ ᠤᠨ ᠡᠨᠧᠷᠭᠢ ᠬᠤᠷᠠᠮᠳᠤᠭᠤᠯᠬᠤ ᠬᠥᠭᠵᠢᠯᠲᠡ ᠶᠢ ᠠᠬᠢᠭᠤᠯᠵᠤ᠂ ᠵᠣᠬᠢᠶᠠᠮᠠᠯ ᠤᠶᠤᠨ᠂ ᠣᠶᠤᠨᠴᠢ ᠪᠠᠶᠢᠭᠤᠯᠤᠯᠲᠠ ᠪᠣᠯᠣᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠬᠠᠮᠵᠢᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠠᠵᠢᠯ ᠲᠦᠷᠦᠯ ᠤᠨ ᠪᠦᠬᠦ ᠬᠡᠯᠬᠢᠶ᠎ᠡ ᠶᠢᠨ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠳᠤᠭᠠᠴᠠᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠬᠤᠳᠠ ᠶᠢᠨ ᠰᠢᠨ᠎ᠡ ᠮᠠᠶ᠋ᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠲᠠᠪᠤᠳᠤᠭᠠᠷ ᠦᠶ᠎ᠡ ᠶᠢᠨ ᠰᠢᠯᠵᠢᠮᠡᠯ ᠮᠡᠳᠡᠭᠡ ᠬᠤᠯᠪᠣᠭᠠᠨ ᠤ ᠮᠡᠷᠭᠡᠵᠢᠯ ︵5G ︶᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠡᠷ ᠪᠦᠯᠢ᠂ ᠠᠰᠠᠷ ᠲᠠᠭᠲᠤ᠂ ᠨᠡᠶᠢᠭᠡᠮ ᠲᠣᠭᠤᠷᠢᠭ ᠲᠤ ᠣᠷᠣᠭᠤᠯᠵᠤ᠂ ᠳᠤᠭᠠᠴᠠᠯᠠᠭᠰᠠᠨ ᠭᠡᠷ ᠪᠦᠯᠢ᠂ ᠣᠶᠤᠨᠲᠤ ᠨᠡᠶᠢᠭᠡᠮ ᠲᠣᠭᠤᠷᠢᠭ᠂ ᠣᠶᠤᠨᠲᠤ ᠬᠤᠳᠠ ᠶᠢ ᠪᠦᠲᠦᠭᠡᠨ ᠪᠠᠶᠢᠭᠤᠯᠵᠤ᠂ ᠬᠤᠳᠠ ᠶᠢ ᠨᠡᠩ ᠰᠡᠷᠭᠦᠯᠡᠩ ᠂ ᠨᠡᠩ ᠤᠶᠤᠨᠴᠢ ᠪᠣᠯᠭᠠᠨ᠎ᠠ᠃ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠥᠳᠡᠯᠦᠩᠭᠦᠢ ᠪᠠᠷ ᠰᠡᠷᠡᠵᠦ ᠮᠡᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠠᠳᠬᠤᠵᠤ ᠂ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠠᠶᠢᠨ ᠰᠠᠶᠢᠬᠠᠨ ᠰᠦᠯᠵᠢᠶᠡᠨ ᠤ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
2.jpg
    ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠦᠢᠲᠡᠨ ᠤᠷᠤᠰᠬᠠᠯ ᠲᠤᠶᠢᠯ  ᠤᠨ ᠠᠭᠤᠷ ᠠᠮᠢᠰᠬᠤᠯ ᠢ ᠤᠷᠢᠳᠴᠢᠯᠠᠨ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ ᠭᠠᠮᠰᠢᠭ ᠤᠨ ᠠᠶᠤᠯ ᠲᠦᠭᠰᠢᠭᠦᠷᠢ ᠶᠢ ᠣᠨᠣᠪᠴᠢᠲᠠᠢ ᠰᠤᠳᠤᠯᠤᠨ ᠮᠠᠭᠠᠳᠯᠠᠵᠤ᠂ ᠲᠥᠰᠥᠯ ᠪᠠ ᠲᠦᠯᠦᠪᠵᠢᠭᠦᠯᠭᠡ ᠪᠠᠨ ᠴᠠᠭ ᠲᠤᠬᠠᠢ ᠳᠤᠨᠢ ᠲᠡᠭᠦᠯᠳᠡᠷᠵᠢᠭᠦᠯᠵᠦ᠂ ᠠᠷᠭᠠᠴᠠᠨ ᠰᠢᠢᠳᠪᠦᠷᠢᠯᠡᠬᠦ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠮᠰᠢᠭ ᠤᠨ ᠬᠤᠬᠢᠷᠠᠯ ᠪᠠ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠭᠠᠮᠰᠢᠭᠳᠠᠭᠰᠠᠨ ᠭᠡᠷ ᠪᠠᠶᠢᠰᠢᠩ ᠤᠨ ᠪᠠᠶᠢᠳᠠᠯ ᠢ ᠣᠶᠢᠯᠠᠭᠠᠬᠤ᠂ ᠰᠡᠯᠪᠢᠨ ᠵᠠᠰᠠᠵᠤ ᠳᠠᠬᠢᠨ ᠪᠠᠶᠢᠭᠤᠯᠵᠤ ᠪᠠᠬᠢᠵᠢᠭᠦᠯᠬᠦ᠂ ᠢᠯᠴᠢ ᠬᠠᠩᠭᠠᠬᠤ ᠶᠢ ᠪᠠᠲᠤᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠵᠤ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠷᠢᠯᠢᠭ ᠣᠨᠣᠴᠠᠲᠠᠢ ᠪᠠᠷ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠵᠤ᠂ ᠨᠢᠭᠡ ᠡᠷᠦᠬᠡ  ᠶᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠤᠶᠠᠨ ᠬᠠᠳᠠᠨ ᠴᠢᠨᠠᠷᠲᠠᠢ ᠬᠤᠲᠠ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠤᠰᠤ ᠪᠠ ᠤᠰᠤᠲᠤᠯ ᠢ ᠵᠠᠯᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠲᠦᠷᠭᠡᠳᠬᠡᠨ ᠵᠣᠬᠢᠶᠠᠨ ᠪᠠᠶᠢᠭᠤᠯᠵᠤ᠂ ᠬᠤᠲᠠ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠥᠷᠪᠡᠨ ᠲᠥᠷᠥᠯ ᠤᠨ ᠬᠤᠭᠤᠯᠠᠢ ᠲᠣᠣᠷ ᠵᠡᠷᠭᠡ ᠰᠠᠭᠤᠷᠢ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠰᠠᠶᠢᠲᠤᠷ ᠠᠳᠬᠤᠵᠤ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠤᠳᠠᠭᠳᠠᠯ ᠢ ᠦᠨᠡᠨ ᠬᠦ ᠨᠦᠬᠦᠪᠦᠷᠢᠯᠡᠬᠦ ᠬᠡᠷᠡᠭᠳᠡᠢ ᠭᠡᠵᠦ ᠱᠠᠭᠠᠷᠳᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ︽ᠹᠧᠩᠴᠢᠶᠦᠦ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠣᠶᠢᠯᠠᠭᠠᠭᠳᠠᠬᠤᠨ᠂ ᠠᠷᠭ᠎ᠠ ᠪᠣᠯᠣᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ᠤᠳᠤᠷᠢᠳᠬᠤ ᠺᠠᠳ᠋ᠷᠴᠤᠳ ᠳᠣᠷᠣᠭᠰᠢ ᠪᠠᠭᠤᠵᠤ ᠰᠣᠷᠪᠤᠯᠵᠢᠯᠠᠭ᠎ᠠ ᠬᠦᠯᠢᠶᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠵᠦ᠂ ᠤᠷᠢᠳᠴᠢᠯᠠᠨ ᠰᠡᠷᠭᠡᠶᠢᠯᠡᠬᠦ᠂ ᠡᠶᠡᠳᠡᠭᠦᠯᠬᠦ ᠶᠢ ᠲᠡᠷᠢᠭᠦᠨ ᠳᠤ ᠲᠠᠯᠪᠢᠬᠤ᠂ ᠬᠠᠤᠯᠢ ᠪᠠᠷ ᠵᠠᠰᠠᠬᠤ  ᠶᠢ ᠬᠡᠷᠡᠭᠯᠡᠬᠦ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠨᠢᠭᠡ ᠯᠡ ᠥᠷᠲᠡᠭᠡᠨ ᠤ ᠮᠠᠶ᠋ᠢᠭ ᠤᠨ᠂ ᠤᠯᠠᠨ ᠡᠰᠢᠴᠢᠯᠡᠭᠰᠡᠨ ᠵᠥᠷᠢᠴᠡᠯ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠬᠡᠷᠡᠭᠴᠡᠭᠡ᠂ ᠠᠷᠠᠳ ᠤᠨ ᠰᠠᠨᠠᠭ᠎ᠠ᠂ ᠠᠰᠠᠭᠤᠳᠠᠯ ᠢ ᠳᠣᠣᠷ᠎ᠠ ᠠᠴᠠ ᠳᠡᠭᠡᠭᠰᠢ ᠳᠠᠮᠵᠢᠭᠤᠯᠬᠤ ᠶᠢ ᠪᠡᠶᠡᠯᠡᠭᠦᠯᠵᠦ᠂ ᠡᠬᠢ ᠪᠠᠶᠠᠯᠢᠭ᠂ ᠬᠦᠴᠦᠨ᠂ ᠲᠦᠷᠦ ᠶᠢᠨ ᠪᠣᠳᠣᠯᠭ᠎ᠠ ᠶᠢ ᠳᠡᠭᠡᠷ᠎ᠡ ᠠᠴᠠ ᠳᠣᠷᠣᠭᠰᠢ ᠨᠠᠶᠢᠳᠠᠪᠤᠷᠢᠵᠢᠭᠤᠯᠵᠤ᠂ ᠠᠷᠠᠳ ᠲᠦᠮᠡᠨ ᠤ ︽ᠬᠦᠷᠲᠡᠮᠵᠢ ᠶᠢᠨ ᠲᠥᠷᠥᠭᠳᠡᠯ︾ ᠪᠠ ︽ᠵᠣᠯ ᠵᠢᠷᠭᠠᠯ ᠢᠯᠡᠳᠭᠡᠮᠵᠢ︾ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠱᠠᠨ ᠰᠢ ᠶᠢᠨ ᠯᠢᠦᠢ ᠯᠢᠶᠠᠩ ᠤᠨ ︽11.16︾ ᠤ ᠬᠦᠨᠳᠦ ᠶᠡᠭᠡ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ︽ᠳᠠᠯᠳᠠ ᠬᠡᠮ ᠪᠣᠯ ᠳᠠᠷᠤᠢ ᠠᠳᠡᠯ ᠮᠥᠨ︾ ᠭᠡᠬᠦ ᠤᠶᠢᠯᠠᠭᠠᠭᠳᠠᠭᠤᠨ ᠢ ᠪᠠᠲᠤ ᠪᠠᠬᠢ ᠪᠣᠶ ᠪᠣᠯᠭᠠᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ ᠤᠨ ᠭᠠᠵᠠᠷ᠂ ᠬᠤᠲᠠ ᠶᠢᠨ ᠶᠠᠪᠤᠳᠠᠯ ᠤᠨ ᠪᠡᠯᠡᠳᠬᠡᠮᠵᠢ᠂ ᠥᠪᠡᠰᠦᠪᠡᠨ ᠪᠠᠷᠢᠭᠰᠠᠨ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠲᠦᠭᠰᠢᠭᠦᠷᠢ ᠶᠢᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠤ ᠥᠨᠴᠥᠭ ᠪᠤᠯᠤᠩ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ  ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠠᠷᠢᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ᠂ ᠲᠤᠬᠠᠢ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠥᠰ ᠤᠨ ᠠᠵᠢᠯ ᠤᠨ ᠬᠠᠷᠢᠭᠤᠴᠠᠯᠭ᠎ᠠ᠂ ᠨᠡᠶᠢᠭᠡᠮ ᠤᠨ ᠨᠢᠭᠡᠴᠢ ᠶᠢᠨ ᠬᠡᠷᠡᠭᠯᠡᠭᠴᠢᠳ ᠤᠨ ᠬᠡᠷᠡᠭᠯᠡᠬᠦ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠥᠮᠥᠨ ᠪᠣᠯᠭᠠᠨ ᠠᠮᠤᠷ ᠲᠦᠪᠰᠢᠨ ᠢ ᠡᠷᠬᠢᠮᠯᠡᠬᠦ᠂ ᠬᠥᠮᠥᠨ ᠪᠣᠯᠭᠠᠨ ᠪᠠᠴᠢᠮ ᠪᠠᠶᠢᠳᠠᠯ ᠢ ᠠᠷᠭᠠᠴᠠᠬᠤ ᠶᠢ ᠦᠨᠡᠨᠬᠦ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ︽ᠠᠷᠠᠳ ᠤᠨ ᠰᠡᠷᠭᠡᠶᠢᠯᠡᠯᠲᠡ ᠶᠢᠨ ᠱᠤᠭᠤᠮ︾ ᠢ ᠪᠠᠶᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠡᠷᠡᠮᠵᠢᠯᠡᠭᠦᠯᠦᠨ ᠰᠠᠨᠠᠭᠤᠯᠬᠤ ᠶᠢ ᠴᠢᠩᠭᠠᠷᠠᠭᠤᠯᠵᠤ᠂ ᠠᠶᠦᠯᠭᠦᠢ ᠦᠢᠯᠡᠳᠪᠦᠷᠢᠯᠡᠯ ᠤᠨ ᠠᠳᠡᠯ ᠢ ᠳᠡᠭᠡᠭᠰᠢ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠲᠦᠷᠭᠡᠨ᠂ ᠪᠥᠬᠦ ᠲᠠᠯ᠎ᠠ ᠪᠠᠷ᠂ ᠥᠨᠳᠥᠷ ᠦᠷ᠎ᠡ ᠪᠦᠲᠦᠮᠵᠢᠲᠡᠶ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠥᠬᠦ ᠲᠠᠯ᠎ᠠ ᠪᠠᠷ ᠪᠠᠲᠤ ᠪᠠᠬᠢ ᠴᠣᠭᠴᠠᠯᠠᠨ ᠪᠠᠶᠢᠭᠤᠯᠬᠤ ᠭᠤᠣᠯ ᠰᠢᠵᠢᠮ ᠤᠨ ᠬᠠᠷᠢᠭᠤ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠠᠯᠠᠭᠤᠯᠤᠨ ᠨᠠᠶᠢᠳᠠᠪᠤᠷᠢᠵᠢᠭᠤᠯᠵᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠰᠦᠷ ᠳᠠᠯᠠᠶᠢᠴᠠᠲᠠᠢ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠠᠪᠤᠳᠠᠯ ᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ  ᠳᠠᠬᠢ ᠡᠯ᠎ᠡ ᠵᠦᠢᠯ ᠤᠨ ᠠᠵᠢᠯ ᠤᠨ ︽ᠶᠡᠷᠦᠩᠬᠡᠢ ᠬᠥᠲᠥᠯᠪᠦᠷᠢ︾ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠢᠶᠠᠷ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠶᠢ ᠪᠠᠷᠢᠮᠲᠠᠯᠠᠵᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ ᠳᠣᠪᠤᠶᠢᠯᠭᠠᠵᠤ᠂ ︽ᠲᠠᠪᠤᠨ ᠶᠡᠭᠡ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠴᠣᠭᠴᠠᠯᠠᠨ ᠪᠠᠬᠢᠵᠢᠭᠦᠯᠬᠦ ᠤᠬᠠᠭᠤᠯᠭ᠎ᠠ ᠬᠥᠮᠦᠵᠢᠯ ᠢ ᠪᠣᠳᠠᠲᠠᠢ ᠲᠥᠷᠥᠭᠳᠡᠯ ᠲᠠᠢ ᠪᠦᠲᠦᠮᠵᠢᠲᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠶᠢ ᠠᠬᠢᠭᠤᠯᠤᠨ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠥᠯᠢᠭᠡᠷ ᠢ ᠴᠢᠷᠮᠠᠶᠢᠨ ᠰᠠᠶᠢᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠶᠢ ᠪᠡᠶᠡᠯᠡᠭᠦᠯᠬᠦ ᠳᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ᠃     ᠬᠤᠷᠠᠯ ᠠᠴᠠ᠂ 2023 ᠣᠨ ᠤ ᠠᠵᠢᠯ ᠤᠨ ᠦᠷ᠎ᠡ ᠪᠦᠲᠦᠮᠵᠢ ᠪᠣᠯᠣᠨ ᠬᠢᠯᠠᠰ ᠴᠡᠭ ᠢ ᠨᠠᠷᠢᠨ ᠬᠢᠨᠠᠮᠠᠭᠠᠢ ᠪᠦᠷᠢᠳᠬᠡᠵᠦ᠂ ᠪᠦᠬᠦ ᠣᠷᠣᠨ ᠤ ᠣᠷᠣᠨ ᠰᠠᠭᠤᠴᠠ ᠪᠣᠯᠣᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠣᠯᠣᠨ ᠥᠷᠢᠰᠦᠯᠳᠦᠭᠡᠨ ᠢ ᠭᠦᠨᠵᠡᠭᠡᠢ ᠲᠠᠨᠢᠵᠤ᠂ ᠴᠠᠭ ᠪᠣᠯᠣᠨ ᠪᠠᠶᠢᠳᠠᠯ ᠢ ᠣᠨᠣᠪᠴᠢᠲᠠᠢ ᠡᠵᠡᠮᠳᠡᠵᠦ᠂ ᠠᠶᠤᠯ ᠲᠦᠭᠰᠢᠭᠦᠷᠢ ᠪᠣᠯᠣᠨ ᠲᠣᠬᠢᠶᠠᠯ ᠢ ᠬᠤᠷᠴᠠ ᠰᠡᠷᠭᠡᠭ ᠢᠶᠠᠷ ᠨᠡᠪᠲᠡ ᠠᠵᠢᠭᠯᠠᠵᠤ᠂ ᠲᠣᠭᠲᠠᠭᠤᠨ ᠪᠣᠯᠣᠨ ᠤᠷᠤᠭᠰᠢᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠢᠮᠵᠢᠶ᠎ᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠨᠡ ᠵᠢᠯ ᠤᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠬᠤ ᠬᠡᠷᠡᠭᠲᠡᠢ᠃ ᠠᠷᠭ᠎ᠠ ᠤᠬᠠᠭᠠᠨ ᠤᠷᠢᠳᠴᠢᠯᠠᠨ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠠᠯᠲᠠ ᠡᠭᠦᠷᠭᠡ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠢᠷᠡᠬᠦ ᠵᠢᠯ ᠤᠨ ᠤᠷᠤᠭᠰᠢᠲᠠᠢ ᠡᠬᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠵᠠᠰᠠᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠ ᠪᠠᠯᠭᠠᠰᠤᠨ ᠤ ᠤᠰᠤ ᠭᠠᠳᠠᠭᠰᠢᠯᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠬᠦ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠤᠨ ᠢᠯᠠᠯᠲᠠ ᠶᠢ ᠵᠠᠪᠠᠯ ᠣᠯᠬᠤ ᠬᠡᠷᠡᠭᠲᠡᠢ᠃ ᠡᠯ᠎ᠡ ᠭᠠᠵᠠᠷ ᠣᠷᠣᠨ ᠢ ᠵᠢᠯᠣᠭᠤᠳᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠶᠢᠭᠤᠯᠤᠯᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠡᠷᠴᠢᠮᠵᠢᠭᠦᠯᠦᠨ ᠠᠷᠪᠢᠯᠠᠨ ᠠᠰᠢᠭᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ 2024 ᠣᠨ ᠤ ᠬᠤᠳᠠ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠶᠢ ᠰᠢᠨᠡᠳᠭᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠰᠤᠳᠤᠯᠵᠤ᠂ ᠪᠠᠳᠤᠯᠠᠭ᠎ᠠ ᠶᠢᠨ ᠴᠢᠨᠠᠷᠲᠠᠢ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ᠂ ᠬᠤᠳᠠ ᠪᠠᠯᠭᠠᠰᠤᠨ ᠤ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠰᠠᠨᠠᠭᠤᠯᠭ᠎ᠠ ᠶᠢ ᠤᠷᠢᠳᠴᠢᠯᠠᠨ ᠪᠠᠭᠤᠯᠭᠠᠵᠠᠢ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠯ᠎ᠡ ᠲᠤᠰᠬᠠᠢ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠯᠲᠡ ᠶᠢᠨ ᠮᠡᠳᠡᠭᠦᠯᠦᠯᠲᠡ ᠶᠢ ᠰᠤᠳᠤᠯᠵᠤ᠂ 2024 ᠣᠨ ᠤ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷ ᠮᠡᠳᠡᠭᠦᠯᠬᠦ ᠲᠥᠯᠥᠪᠯᠡᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠤᠰᠤ ᠭᠠᠳᠠᠭᠰᠢᠯᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠳᠠᠬᠢᠯᠲᠠ ᠤᠰᠤ ᠶᠢ ᠠᠰᠢᠭᠯᠠᠬᠤ  ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾᠂ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠥᠬᠦ ᠲᠠᠯ᠎ᠠ ᠪᠠᠷ ᠲᠤᠭᠤᠰᠢᠯᠠᠭᠤᠯᠤᠨ ᠪᠠᠬᠢᠵᠢᠭᠦᠯᠬᠦ ᠡᠨᠡ ᠬᠦ ᠭᠤᠣᠯ ᠱᠤᠭᠤᠮ ᠢ ᠬᠡᠷᠡᠭᠵᠢᠭᠦᠯᠬᠦ ᠲᠥᠰᠥᠯ︾ ᠵᠡᠷᠭᠡ ᠤᠴᠢᠷ ᠤᠳ ᠢ ᠰᠤᠳᠤᠯᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ
Baidu
map