ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ 2023 ᠣᠨ ᠤ ᠭᠤᠴᠢᠨ ᠨᠠᠢᠮᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠵᠥᠪᠰᠢᠶᠡᠷᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/11/3
            ﹇2023﹈ 159 ᠳ᠋ᠦ᠋ᠭᠡᠷ ᠲᠣᠭᠠᠲᠤ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠡᠪᠴᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠂ ᠮᠠᠨ ᠤ ᠲᠢᠩᠬᠢᠮ ᠠᠴᠠ 2023 ᠣᠨ ᠤ ᠭᠤᠴᠢᠨ ᠨᠠᠢᠮᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠬᠢᠨᠠᠨ ᠪᠠᠶᠢᠴᠠᠭᠠᠯᠲᠠ ᠬᠢᠵᠦ᠂ ᠣᠲᠣ ᠬᠠᠷᠭᠤᠭᠤᠯᠤᠨ ᠵᠥᠪᠰᠢᠶᠡᠷᠡᠬᠦ ᠪᠠᠷ ᠪᠠᠶᠢᠭ᠎ᠠ 13 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 2 ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 5 ᠬᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠳᠡᠩᠰᠡᠯᠡᠯᠲᠡ᠂ 30 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠨᠡᠷᠡᠰ ᠢ ᠨᠡᠶᠢᠲᠡᠯᠡᠪᠡ᠃ ᠳᠡᠭᠡᠷᠡᠬᠢ ᠨᠢᠭᠡᠨᠲᠡ ᠡᠯᠧᠺᠲᠷᠣᠨ ᠦᠨᠡᠮᠯᠡᠯ ᠢ ᠡᠬᠢᠯᠡᠵᠦ ᠬᠡᠷᠡᠭᠯᠡᠭᠰᠡᠨ ᠵᠦᠢᠯᠡᠰ ᠨᠢ ᠡᠯᠧᠺᠲᠷᠣᠨ ᠦᠨᠡᠮᠯᠡᠯ ᠢ ᠬᠢᠨᠠᠨ ᠣᠯᠭᠤᠭᠰᠠᠨ ᠡᠳᠦᠷ ᠠᠴᠠ ᠡᠬᠢᠯᠡᠨ᠂ ᠤᠤᠯ ᠤᠨ ᠬᠢᠨᠠᠨ ᠣᠯᠭᠤᠭᠰᠠᠨ ᠴᠠᠭᠠᠰᠤᠨ ᠬᠡᠪ ᠤᠨ ᠦᠨᠡᠮᠯᠡᠯ ᠠᠶᠠᠨᠳᠠᠭᠠᠨ ᠬᠦᠴᠦᠨ ᠦᠭᠡᠢ ᠪᠣᠯᠣᠨ᠎ᠠ᠃ ᠠᠵᠤ ᠠᠬᠤᠶᠢᠯᠠᠯ ᠦᠯᠦ ᠬᠢᠨᠠᠨ ᠵᠥᠪᠰᠢᠶᠡᠷᠡᠭᠰᠡᠨ ᠰᠢᠯᠲᠠᠭᠠᠨ ᠢ ᠨᠢᠭᠡᠨᠲᠡ ᠠᠵᠤ ᠠᠬᠤᠶᠢᠯᠠᠯ ᠤᠨ ᠡᠯᠧᠺᠲᠷᠣᠨ ᠰᠢᠦᠳᠠᠨ ᠬᠠᠶᠢᠷᠴᠠᠭ ︵ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠡᠯᠧᠺᠲᠷᠣᠨ ᠰᠢᠦᠳᠠᠨ ᠬᠠᠶᠢᠷᠴᠠᠭ ᠤᠨ ᠨᠣᠮᠧᠷ︶ ᠲᠤ ᠬᠦᠷᠭᠡᠵᠤ᠂ ᠠᠵᠤ ᠠᠬᠤᠶᠢᠯᠠᠯ ᠥᠪᠡᠷ ᠢᠶᠠᠨ ᠪᠠᠶᠢᠴᠠᠭᠠᠨ ᠦᠵᠡᠭᠡᠷᠡᠢ᠃    ᠣᠨᠴᠠᠭᠠᠶᠢᠯᠠᠨ ᠵᠠᠷᠯᠠᠪᠠ    ᠳᠠᠭᠠᠯᠳᠤᠭᠤᠯᠤᠯ᠄     1. ᠭᠤᠴᠢᠨ ᠨᠠᠢᠮᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠨᠠᠨ ᠵᠥᠪᠰᠢᠶᠡᠷᠡᠭᠰᠡᠨ ᠨᠡᠷᠡᠰ    2. ᠭᠤᠴᠢᠨ ᠨᠠᠢᠮᠠᠲᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠨᠠᠨ ᠵᠥᠪᠰᠢᠶᠡᠷᠡᠭᠰᠡᠨ ᠨᠡᠷᠡᠰ     3. ᠭᠤᠴᠢᠨ ᠨᠠᠢᠮᠠᠳᠤᠭᠠᠷ ᠪᠦᠯᠦᠭ ᠭᠡᠷ ᠪᠠᠶᠢᠰᠢᠩ ᠭᠠᠵᠠᠷ ᠬᠦᠷᠦᠩᠭᠡ ᠶᠢᠨ ᠦᠨᠡᠯᠡᠨ ᠵᠢᠱᠢᠬᠦ ᠪᠠᠶᠢᠭᠤᠯᠤᠮᠵᠢ ᠶᠢᠨ ᠳᠠᠩᠰᠠᠯᠠᠭᠰᠠᠨ ᠨᠡᠷᠡᠰ    4. ᠭᠤᠴᠢᠨ ᠨᠠᠢᠮᠠᠲᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠦᠪᠰᠢᠶᠡᠷᠡᠯ ᠤᠨ ᠦᠨᠡᠮᠯᠡᠯ ᠢ ᠬᠢᠨᠠᠨ ᠵᠦᠪᠰᠢᠶᠡᠷᠡᠭᠰᠡᠨ ᠨᠡᠷᠡᠰ                2023 ᠣᠨ ᠤ 11 ᠳ᠋ᠦ᠋ᠭᠡᠷ ᠰᠠᠷ᠎ᠠ ᠶᠢᠨ 3 ᠤ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map