ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ 2023 ᠣᠨ ᠤ ᠳᠥᠴᠢᠨ ᠨᠢᠭᠡᠳᠦᠭᠡᠷ ᠪᠦᠯᠦᠭ ᠤᠨ ᠬᠥᠮᠦᠰ ᠤᠨ ᠬᠢᠷᠢ ᠬᠡᠮ ᠤᠨ ᠲᠥᠷᠥᠯ ᠤᠨ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠵᠥᠪᠰᠢᠶᠡᠷᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/11/3
            ﹇2023﹈ 160 ᠳ᠋ᠤᠭᠠᠷ ᠲᠣᠭᠠᠲᠤ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠥᠮᠦᠰ ᠤᠨ ᠬᠢᠷᠢ ᠬᠡᠮ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠲᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠨᠢ 2023 ᠣᠨ ᠤ ᠳᠥᠴᠢᠨ ᠨᠢᠭᠡᠳᠦᠭᠡᠷ ᠪᠦᠯᠦᠭ ᠤᠨ ᠬᠥᠮᠦᠰ ᠤᠨ ᠬᠢᠷᠢ ᠬᠡᠮ ᠢ ᠬᠢᠨᠠᠨ ᠵᠥᠪᠰᠢᠶᠡᠷᠡᠬᠦ ᠵᠦᠢᠯᠡᠰ ᠲᠤ ᠬᠢᠨᠠᠨ ᠪᠠᠶᠢᠴᠠᠭᠠᠯᠲᠠ ᠬᠢᠵᠦ᠂ ᠣᠲᠣ ᠬᠢᠨᠠᠨ ᠵᠥᠪᠰᠢᠶᠡᠷᠡᠭᠰᠡᠨ 471 ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ︽ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠵᠢᠯᠲᠠᠨ ᠤ ᠨᠡᠷᠡᠰ᠂ 392 ᠬᠤᠶᠠᠳᠤᠭᠠᠷ ᠳᠡᠰ ᠳᠠᠩᠰᠠᠯᠠᠭᠤᠯᠤᠭᠰᠠᠨ ᠪᠠᠷᠢᠯᠭ᠎ᠠ ᠶᠢᠨ ᠮᠡᠷᠭᠡᠵᠢᠯᠲᠡᠨ ᠤ ᠠᠵᠢᠯᠲᠠᠨ ᠨᠡᠷᠡᠰ᠂ 9 ᠬᠤᠶᠠᠳᠤᠭᠠᠷ ᠳᠡᠰ ᠳᠠᠩᠰᠠᠯᠠᠭᠤᠯᠤᠭᠰᠠᠨ ᠥᠷᠲᠡᠭ ᠤᠨ ᠢᠨᠵᠧᠨᠧᠷ ᠤᠨ ᠨᠡᠷᠡᠰ᠂ 2 ᠬᠤᠶᠠᠳᠤᠭᠠᠷ ᠳᠡᠰ ᠳᠠᠩᠰᠠᠯᠠᠭᠤᠯᠤᠭᠰᠠᠨ ᠪᠠᠷᠢᠯᠭᠠᠴᠢᠨ ᠤ ᠨᠡᠷᠡᠰ ᠂ 3 ᠬᠤᠶᠠᠳᠤᠭᠠᠷ ᠳᠡᠰ ᠳᠠᠩᠰᠠᠯᠠᠭᠤᠯᠤᠭᠰᠠᠨ ᠪᠦᠲᠦᠴᠡ ᠶᠢᠨ ᠢᠨᠵᠧᠨᠧᠷ ᠤᠨ ᠠᠵᠢᠯᠲᠠᠨ ᠤ ᠨᠡᠷᠡᠰ᠂ 74 ᠪᠠᠷᠢᠯᠭ᠎ᠠ ᠶᠢᠨ ᠠᠵᠢᠯ ᠤᠨ ᠣᠨᠴᠠᠭᠠᠶ ᠠᠵᠢᠯᠯᠠᠭᠠᠨ ᠤ ᠬᠢᠷᠢ ᠬᠡᠮ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ ᠨᠡᠷᠡᠰ ᠢ ᠨᠡᠶᠢᠲᠡᠯᠡᠪᠡ᠃ ᠬᠢᠨᠠᠨ ᠵᠥᠪᠰᠢᠶᠡᠷᠡᠭᠰᠡᠨ ᠦᠭᠡᠢ ᠬᠥᠮᠥᠰ᠂ ᠳᠠᠩᠰᠠᠯᠠᠭᠤᠯᠤᠭᠰᠠᠨ ᠦᠭᠡᠢ ᠬᠥᠮᠦᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠰᠦᠯᠵᠢᠶᠡᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠰᠬᠠᠶ ᠪᠤᠯᠤᠩ ᠢᠶᠠᠷ ᠳᠠᠮᠵᠢᠭᠤᠯᠤᠨ ︽ᠬᠠᠮᠤᠭ ᠤᠨ ᠰᠢᠨ᠎ᠡ ᠠᠬᠢᠴᠠ ᠶᠢ ᠪᠠᠶᠢᠴᠠᠭᠠᠨ ᠯᠠᠪᠯᠠᠬᠤ︾ ᠳᠤᠮᠳᠠ ᠬᠢᠨᠠᠨ ᠵᠥᠪᠰᠢᠶᠡᠷᠡᠭᠰᠡᠨ ᠥᠬᠡᠶ᠂ ᠳᠠᠩᠰᠠᠯᠠᠭᠤᠯᠤᠭᠰᠠᠨ ᠰᠢᠯᠲᠠᠭᠠᠨ ᠢ ᠪᠠᠶᠢᠴᠠᠭᠠᠨ ᠯᠠᠪᠯᠠᠵᠤ ᠪᠣᠯᠤᠨ᠎ᠠ᠃    ᠣᠨᠴᠠᠭᠠᠶᠢᠯᠠᠨ ᠵᠠᠷᠯᠠᠪᠠ     ᠳᠠᠭᠠᠯᠳᠤᠭᠤᠯᠤᠯ᠄     1. ᠯᠢᠦ ᠸᠧᠶ ᠵᠡᠷᠭᠡ 471 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠨᠡᠷᠡᠰ    2. ᠵᠣᠣ ᠶᠢ ᠭᠠᠩ ᠵᠡᠷᠭᠡ 392 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠮᠡᠷᠭᠡᠵᠢᠯᠲᠡᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠨᠡᠷᠡᠰ     3. ᠸᠠᠩ ᠶᠠ ᠯᠢ ᠵᠡᠷᠭᠡ 9 ᠬᠥᠮᠦᠨ ᠬᠤᠶᠠᠳᠤᠭᠠᠷ ᠳᠡᠰ ᠤᠨ ᠥᠷᠲᠡᠭ ᠤᠨ ᠢᠨᠵᠧᠨᠧᠷ ᠤᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠨᠡᠷᠡᠰ    4. ᠵᠠᠩ ᠴᠢᠩ ᠵᠡᠷᠬᠡ 2 ᠬᠦᠮᠦᠨ ᠬᠤᠶᠠᠲᠤᠭᠠᠷ ᠲᠡᠰ ᠤᠨ ᠪᠠᠷᠢᠯᠭᠠᠴᠢᠨ ᠤ ᠲᠠᠩᠰᠠᠯᠠᠬᠤ ᠨᠦᠭᠦᠴᠡᠯ ᠳᠤ ᠨᠡᠶᠢᠴᠡᠭᠰᠡᠨ ᠨᠡᠷᠡᠰ    5. ᠭᠤᠤ ᠰᠦ ᠵᠡᠷᠭᠡ 3 ᠬᠥᠮᠦᠨ ᠬᠤᠶᠠᠳᠤᠭᠠᠷ ᠳᠡᠰ ᠤᠨ ᠪᠦᠲᠦᠴᠡ ᠶᠢᠨ ᠢᠨᠵᠧᠨᠧᠷ ᠤᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠨᠡᠷᠡᠰ     6. ᠵᠣᠣ ᠵᠢᠶᠠᠨ ᠵᠢᠶᠦ᠋ᠨ ᠵᠡᠷᠭᠡ 74 ᠪᠠᠷᠢᠯᠭ᠎ᠠ ᠶᠢᠨ ᠠᠵᠢᠯ ᠤᠨ ᠣᠨᠴᠠᠭᠠᠶ ᠠᠵᠢᠯᠯᠠᠭᠠᠨ ᠤ ᠬᠢᠷᠢ ᠬᠡᠮ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠨᠡᠷᠡᠰ                2023 ᠣᠨ ᠤ 11 ᠳ᠋ᠦ᠋ᠭᠡᠷ ᠰᠠᠷ᠎ᠠ ᠶᠢᠨ 3 ᠤ ᠡᠳᠦᠷ 

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map