ᠰᠢ ᠶᠢᠨ ᠫᠢᠩ ᠪᠦᠭᠦ ᠤᠯᠤᠰ ᠤᠨ ︽ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ ᠠᠭᠤᠯᠵᠠᠪᠠ  ᠼᠠᠢ ᠴᠢ  ᠯᠢ ᠰᠢ ᠠᠭᠤᠯᠵᠠᠯᠲᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2023/11/7
     ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 6 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠡᠮᠦᠨ᠎ᠡ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ ︽ ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠬᠠᠯᠠᠭᠤᠨ ᠪᠠᠶᠠᠷ ᠬᠦᠷᠭᠡᠵᠦ ᠂ ᠲᠡᠳᠡᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ᠰᠢᠨ᠎ᠡ ᠴᠠᠭ ᠦᠶ᠎ᠡ ᠶᠢᠨ ︽ ᠹᠧᠩᠴᠢᠶᠤᠤ ᠶᠢᠨ ᠲᠤᠷᠰᠢᠯᠭ᠎ᠠ ︾ ᠶᠢ ᠰᠠᠶᠢᠲᠤᠷ ᠪᠠᠷᠢᠮᠲᠠᠯᠠᠨ ᠬᠥᠭᠵᠢᠭᠦᠯᠵᠦ ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ ᠃
bad21faa31c11e686fef2542299de28.jpg
     11 ᠰᠠᠷ᠎ᠠ ᠶᠢᠨ 6 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ ᠂ ᠼᠠᠢ ᠴᠢ᠂ ᠯᠢ ᠰᠢ ᠨᠠᠷ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ ︽ ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ ᠠᠭᠤᠯᠵᠠᠪᠠ ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢ ᠰᠢ ᠠᠭᠤᠯᠵᠠᠯᠲᠠ ᠳᠤ ᠣᠷᠣᠯᠴᠠᠵᠠᠢ ᠃     ᠦᠳᠡ ᠶᠢᠨ ᠡᠮᠦᠨᠡᠬᠢ 10 ᠴᠠᠭ 30 ᠮᠢᠨᠦ᠋ᠲ ᠲᠤ ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ ᠣᠷᠣᠵᠤ ᠢᠷᠡᠬᠦ ᠳᠤ ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ ᠃ ᠰᠢ ᠶᠢᠨ ᠫᠢᠩ ᠨᠠᠷ ᠲᠥᠯᠥᠭᠡᠯᠡᠭᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃     ᠴᠧᠨ ᠸᠧᠨ ᠴᠢᠩ ᠂ ᠸᠠᠩ ᠰᠢᠶᠣᠣ ᠬᠤᠩ ᠂ ᠦ᠋ ᠵᠧᠩ ᠯᠦᠩ ᠂ ᠵᠠᠩ ᠵᠢᠶᠦ᠋ᠨ ᠂ ᠶᠢᠩ ᠶᠦᠩ ᠠᠭᠤᠯᠵᠠᠯᠲᠠ ᠳᠤ ᠣᠷᠣᠯᠴᠠᠵᠠᠢ ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ︽ ᠹᠧᠩᠴᠢᠶᠣᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠬᠦ ᠲᠤᠬᠠᠢ ᠠᠯᠢ ᠤᠯᠠᠨ ᠴᠢᠬᠤᠯᠠ ᠵᠢᠭᠠᠪᠤᠷᠢ ᠥᠭᠪᠡ ᠂ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠠᠨ ᠲᠦᠮᠡᠨ ᠳᠤ ᠨᠢᠭᠲᠠ ᠲᠦᠰᠢᠭᠯᠡᠨ ᠰᠢᠨ᠎ᠡ ᠶᠢ ᠡᠭᠦᠳᠬᠦ  ᠶᠢ ᠰᠦᠪᠡᠭᠴᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠢ ᠴᠢᠷᠮᠠᠶᠢᠨ ᠡᠭᠦᠳᠦᠭᠰᠡᠨ ᠪᠠᠶᠢᠨ᠎ᠠ ᠃ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠢᠨ ᠪᠦᠭᠦ ᠤᠯᠤᠰ ᠤᠨ ᠬᠡᠪᠴᠢᠶᠡᠨ ᠳᠤ 104 ︽ ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ ︾ ᠶᠢᠨ ᠨᠢᠭᠡᠴᠢ ᠶᠢ ᠰᠣᠩᠭᠤᠨ ᠭᠠᠷᠭᠠᠵᠠᠢ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map