ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠢᠩᠭᠠᠨ ᠠᠶᠢᠮᠠᠭ ᠤᠨ ᠵᠠᠬᠢᠷᠭ᠎ᠠ ᠲᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠲᠤᠬᠠᠢ ᠶᠠᠷᠢᠯᠴᠠᠵᠤ ᠰᠠᠨᠠᠯ ᠰᠣᠯᠢᠯᠴᠠᠪᠠ
ᠨᠡᠶᠢᠲᠡᠯᠡᠭᠰᠡᠨ ᠴᠠᠭ᠄
2023/11/9
    11 ᠳ᠋ᠤᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠨᠠᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠬᠤᠲᠠ ᠶᠢᠨ ᠤᠰᠤ ᠭᠠᠳᠠᠭᠰᠢᠯᠠᠭᠤᠯᠬᠤ ᠤᠰᠤᠲᠤᠯ ᠢ ᠰᠡᠷᠭᠡᠶᠢᠯᠡᠬᠦ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠵᠢᠴᠢ ᠬᠤᠲᠠ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃
1.jpg 
    ᠭᠦᠸᠧ ᠢᠦᠢ ᠹᠸᠩ᠂ ᠰᠦᠬᠡ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠡᠨᠡ ᠵᠢᠯ ᠠᠴᠠ ᠨᠠᠰᠢ᠂ ᠬᠢᠩᠭᠠᠨ ᠠᠶᠢᠮᠠᠭ ᠤᠨ  ᠬᠢᠨ ᠠᠷᠠᠳ ᠲᠦᠮᠡᠨ  ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠳᠠ ᠶᠢᠨ ᠵᠠᠰᠠᠯᠲᠠ ᠶᠢᠨ ᠰᠢᠰᠲ᠋ᠧᠮ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠲᠦᠭᠵᠢᠷᠡᠯ ᠤᠨ ᠴᠡᠭ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠠᠷᠭ᠎ᠠ ᠬᠢᠳᠡᠯ ᠢ ᠢᠳᠡᠪᠬᠢᠲᠡᠢ ᠰᠦᠪᠡᠭᠴᠢᠯᠡᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠡᠯ᠎ᠡ ᠵᠦᠢᠯ ᠤᠨ ᠠᠵᠢᠯ ᠳᠤ ᠮᠡᠳᠡᠭᠳᠡᠮ᠎ᠡ ᠦᠷ᠎ᠡ ᠪᠦᠲᠦᠮᠵᠢ ᠣᠯᠬᠤ ᠶᠢ ᠠᠬᠢᠭᠤᠯᠵᠠᠢ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠢᠩᠭᠠᠨ ᠠᠶᠢᠮᠠᠭ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠬᠡᠪᠡᠷ ᠳᠡᠮᠵᠢᠵᠦ᠂ ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠡᠢ᠃
2.jpg
    ᠰᠦᠬᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠢᠩᠭᠠᠨ ᠠᠶᠢᠮᠠᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠣᠷᠣᠨ ᠰᠠᠭᠤᠴᠠ ᠶᠢᠨ ᠪᠠᠳᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠤᠳᠠ ᠶᠢᠨ ᠴᠢᠳᠠᠪᠬᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡᠴᠢᠯᠡᠨ ᠬᠢᠩᠭᠠᠨ ᠠᠶᠢᠮᠠᠭ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠢᠯᠣᠭᠤᠳᠤᠯᠭ᠎ᠠ ᠪᠠ ᠬᠠᠪᠰᠤᠷᠤᠯᠭ᠎ᠠ ᠶᠢᠨ ᠳᠣᠣᠷ᠎ᠠ᠂ ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠦᠷᠭᠦᠯᠵᠢᠯᠡᠨ ᠴᠢᠨᠠᠷ ᠰᠠᠶᠢᠲᠠᠢ ᠪᠡᠶᠡᠯᠡᠭᠦᠯᠵᠦ᠂ ᠬᠤᠲᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠤᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠬᠦᠷᠳᠡᠮᠵᠢ ᠶᠢᠨ ᠲᠥᠷᠥᠭᠳᠡᠯ ᠢ ᠦᠨᠡᠨᠬᠦ ᠨᠡᠮᠡᠭᠳᠡᠭᠦᠯᠦᠨ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠵᠡᠢ᠃
3.jpg
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ᠂ ᠬᠢᠩᠭᠠᠨ ᠠᠶᠢᠮᠠᠭ ᠤᠨ ᠵᠠᠬᠢᠷᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ
Baidu
map