︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠷ ᠤᠷᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/9
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠷ ᠤᠷᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠪᠠᠷ ᠢᠶᠠᠨ ︽ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠦᠨ᠂ ︽ᠠᠷᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ᠲᠤᠭᠤᠷᠪᠢᠭᠰᠠᠨ ᠠᠬᠤᠢ ᠪᠠᠶᠢᠳᠠᠯ    2014 ᠣᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠰᠢᠨ᠎ᠡ ᠬᠡᠪᠯᠡᠯ ᠤᠨ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠷ ᠤᠷᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠮᠠᠨ ᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠷ ᠤᠷᠠᠯᠠᠯ ᠤᠨ ᠬᠠᠮᠢᠶᠠᠷᠤᠯᠲᠠ ᠶᠢᠨ ᠠᠵᠢᠯ ᠦᠳᠲᠡᠷ ᠲᠦᠷᠭᠡᠨ ᠬᠥᠭᠵᠢᠵᠦ᠂ ᠦᠯᠡᠮᠵᠢ ᠣᠯᠠᠨ ᠲᠡᠷᠢᠭᠦᠨ ᠤ ᠰᠢᠯᠢᠳᠡᠭ ᠭᠠᠷ ᠤᠷᠠᠯᠠᠯ ᠤᠨ ᠦᠷ᠎ᠡ ᠪᠦᠲᠦᠭᠡᠯ ᠴᠣᠯᠭᠤᠷᠠᠨ ᠭᠠᠷᠴᠤ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠪᠠᠷᠢᠯᠭ᠎ᠠ ᠶᠢᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠪᠠ᠃ ᠡᠭᠦᠨ ᠤ ᠬᠠᠮᠲᠤ᠂ ᠮᠠᠨ  ᠤ ᠣᠷᠣᠨ ᠣᠷᠳᠣ ᠬᠤᠭᠤᠴᠠᠭ᠎ᠠ ᠪᠠᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠷ ᠤᠷᠠᠯᠠᠯ ᠤᠨ ᠨᠡᠭᠡᠭᠡᠨ ᠬᠥᠭᠵᠢᠭᠦᠯᠬᠦ᠂ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ ᠪᠠ ᠦᠷ᠎ᠡ ᠪᠦᠲᠦᠭᠡᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠴᠢᠨᠠᠷᠲᠠᠢ ᠵᠢᠯᠤᠭᠤᠳᠬᠤ ᠪᠢᠴᠢᠭ ᠮᠠᠲ᠋ᠧᠷᠢᠶᠠᠯ ᠳᠤᠲᠠᠭᠳᠠᠵᠤ ᠪᠠᠶᠢᠨ᠎ᠠ᠂ ᠡᠨᠡ ᠨᠢ ᠣᠳᠣᠬᠠᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠠᠢ ᠵᠣᠬᠢᠴᠠᠬᠤ ᠦᠭᠡᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠷ ᠤᠷᠠᠯᠠᠯ ᠤᠨ ᠰᠢᠰᠲ᠋ᠧᠮ ᠲᠠᠢ ᠪᠠᠷ ᠨᠢᠭᠡᠳᠦᠯᠲᠡᠢ ᠲᠥᠯᠥᠪᠯᠡᠵᠦ᠂ ᠵᠢᠷᠤᠮᠵᠢᠭᠤᠯᠤᠨ ᠬᠠᠮᠢᠶᠠᠷᠤᠬᠤ ᠱᠠᠭᠠᠷᠳᠠᠯᠭ᠎ᠠ ᠪᠠᠴᠢᠮ ᠪᠤᠯᠵᠠᠢ ᠃ ᠮᠠᠨ ᠤ ᠣᠷᠣᠨ ᠤ ᠪᠠᠷᠢᠯᠭ᠎ᠠ ᠶᠢᠨ ᠮᠡᠷᠭᠡᠵᠢᠯ ᠤᠨ ᠬᠢᠷᠢ  ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠷᠭᠡᠵᠢᠯ ᠤᠨ ᠬᠤᠷᠠᠮᠳᠤᠯᠭ᠎ᠠ ᠪᠠ ᠰᠢᠨᠵᠢᠯᠡᠬᠦ ᠤᠠᠬᠠᠭᠠᠨᠴᠢ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠷ ᠤᠷᠠᠯᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠲᠣᠰ ︽ᠠᠷᠭ᠎ᠠ︾ ᠶᠢ ᠰᠤᠳᠤᠯᠤᠨ ᠲᠣᠭᠲᠠᠭᠠᠪᠠ᠃ ᠲᠤᠭᠤᠷᠪᠢᠨ ᠪᠢᠴᠢᠬᠦ ᠶᠠᠪᠤᠴᠠ    ᠲᠤᠰ ︽ᠠᠷᠭ᠎ᠠ︾᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠷ ᠤᠷᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠧᠵᠢᠶᠠᠩ᠂ ᠠᠨᠾᠦ᠋ᠢ᠂ ᠱᠠᠨᠳᠦ᠋ᠩ ᠵᠡᠷᠭᠡ ᠮᠤᠵᠢ ᠣᠷᠣᠨ ᠤ ᠭᠠᠷ ᠤᠷᠠᠯᠠᠯ ᠤᠨ ᠬᠠᠮᠢᠶᠠᠷᠤᠯᠲᠠ ᠶᠢᠨ ᠪᠣᠯᠪᠠᠰᠤᠷᠠᠩᠭᠤᠢ ᠪᠣᠯᠤᠭᠰᠠᠨ ᠲᠤᠷᠰᠢᠯᠭ᠎ᠠ ᠪᠠᠷ ᠲᠣᠯᠢ ᠪᠣᠯᠭᠠᠵᠤ᠂ ᠣᠶᠢᠷ᠎ᠠ ᠶᠢᠨ ᠵᠢᠯ ᠤᠳ ᠲᠤ ᠮᠠᠨ ᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠷ ᠤᠷᠠᠯᠠᠯ ᠤᠨ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠶᠠᠪᠤᠴᠠ ᠳᠠᠬᠢ ᠠᠰᠠᠭᠤᠳᠠᠯ ᠢ ᠬᠢᠨᠠᠮᠠᠭᠠᠢ ᠳ᠋ᠦᠩᠨᠡᠵᠦ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠶᠢᠨ ᠬᠠᠮᠲᠤ ᠳᠠᠬᠢᠨ ᠳᠠᠪᠲᠠᠨ ᠶᠠᠷᠢᠯᠴᠠᠨ ᠰᠤᠳᠤᠯᠤᠭᠰᠠᠨ ᠤ ᠳᠠᠷᠠᠭ᠎ᠠ ᠬᠠᠮᠤᠭ ᠡᠴᠦᠰ ᠲᠤ ᠪᠦᠷᠢᠯᠳᠦᠭᠦᠯᠪᠡ᠃ ᠭᠤᠣᠯ ᠠᠭᠤᠯᠭ᠎ᠠ︵ᠨᠢᠭᠡ︶ ᠶᠡᠷᠦᠩᠬᠡᠢ ᠳᠦᠷᠢᠮ᠄ ᠭᠠᠷ ᠤᠷᠠᠯᠠᠯ ᠤᠨ ᠲᠣᠮᠢᠶᠠᠯᠠᠯ ᠂ ᠲᠦᠷᠤᠯ  ᠵᠦᠢᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠪᠠ᠃ ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠷ ᠤᠷᠠᠯᠠᠯ ᠮᠡᠳᠡᠭᠦᠯᠬᠦ᠄ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠷ ᠤᠷᠠᠯᠠᠯ‌‍ᠷ ᠮᠡᠳᠡᠭᠦᠯᠬᠦ ᠬᠦᠷᠢᠶ᠎ᠡ ᠬᠡᠪᠴᠢᠶ᠎ᠡ᠂ ᠮᠡᠳᠡᠭᠦᠯᠬᠦ ᠭᠤᠣᠯ ᠴᠣᠭᠴᠠ ᠪᠠ ᠠᠵᠢᠯᠲᠠᠨ ᠤ ᠱᠠᠭᠠᠷᠳᠠᠯᠭ᠎ᠠ᠂ ᠮᠡᠳᠡᠭᠦᠯᠬᠦ ᠨᠥᠬᠦᠴᠡᠯ᠂ ᠮᠡᠳᠡᠭᠦᠯᠬᠦ ᠮᠠᠲ᠋ᠧᠷᠢᠶᠠᠯ ᠪᠠ ᠮᠡᠳᠡᠭᠦᠯᠬᠦ ᠴᠤᠪᠤᠷᠠᠯ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠪᠠ᠃ ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠷ ᠤᠷᠠᠯᠠᠯ ᠬᠢᠨᠠᠨ ᠲᠣᠭᠲᠠᠭᠠᠬᠤ ᠪᠠ ᠨᠡᠶᠢᠲᠡᠯᠡᠬᠦ ᠄ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠷ ᠤᠷᠠᠯᠠᠯ ᠬᠢᠨᠠᠨ ᠲᠣᠭᠲᠠᠭᠠᠬᠤ ᠲᠠᠰ ᠳᠠᠷᠠᠭᠠᠯᠠᠯ᠂ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠪᠠ ᠦᠷ᠎ᠡ ᠳ᠋ᠦᠩ ᠢ ᠨᠡᠶᠢᠲᠡᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠪᠠ ︵ᠳᠥᠷᠪᠡ︶ ᠭᠠᠷ ᠤᠷᠠᠯᠠᠯ ᠳᠡᠯᠭᠡᠷᠡᠭᠦᠯᠦᠨ ᠬᠡᠷᠡᠭᠯᠡᠬᠦ᠂ ᠦᠷ᠎ᠡ ᠪᠦᠲᠦᠭᠡᠯ ᠤᠨ ᠬᠠᠮᠢᠶᠠᠷᠤᠯᠳᠠ᠄ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠷ ᠤᠷᠠᠯᠠᠯ ᠬᠦᠴᠦᠨ ᠲᠠᠢ ᠬᠤᠭᠤᠴᠠᠭ᠎ᠠ ᠪᠠ ᠳᠠᠬᠢᠨ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠤᠷᠮᠠᠰᠢᠭᠤᠯᠬᠤ ᠠᠷᠭ᠎ᠠ ᠬᠡᠮᠵᠢᠶ᠎ᠡ᠂ ᠠᠵᠤ ᠠᠬᠤᠶᠢᠯᠠᠯ ᠪᠠ ᠲᠤᠰᠬᠠᠢ ᠮᠡᠷᠭᠡᠵᠢᠯᠲᠡᠨ ᠤ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭ᠎ᠠ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠲᠦᠷᠦ ᠶᠢᠨ ᠪᠣᠳᠣᠯᠭ᠎ᠠ ᠶᠢᠨ ᠣᠨᠴᠠᠯᠢᠭᠨᠢᠭᠡ ᠳᠤ᠂ ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠭᠠᠷ ᠤᠷᠠᠯᠠᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠵᠢᠷᠤᠮᠵᠢᠭᠤᠯᠤᠨ ᠲᠡᠭᠦᠯᠳᠡᠷᠵᠢᠭᠦᠯᠪᠡ ᠃ ᠲᠣᠰ ᠠᠷᠭ᠎ᠠ ᠳᠤ ᠪᠤᠰᠤᠳ ᠮᠤᠵᠢ ᠣᠷᠣᠨ ᠤ ᠭᠠᠷ ᠤᠷᠠᠯᠠᠯ ᠤᠨ ᠬᠠᠮᠢᠶᠠᠷᠤᠯᠲᠠ ᠶᠢᠨ ᠪᠣᠯᠪᠠᠰᠤᠷᠠᠩᠭᠤᠢ ᠪᠣᠯᠤᠭᠰᠠᠨ ᠲᠤᠷᠰᠢᠯᠭ᠎ᠠ ᠪᠠᠷ ᠲᠣᠯᠢ ᠪᠣᠯᠭᠠᠵᠤ᠂ ᠮᠠᠨ ᠤ ᠣᠷᠣᠨ ᠤ ᠭᠠᠷ ᠤᠷᠠᠯᠠᠯ ᠤᠨ ᠮᠡᠳᠡᠭᠦᠯᠵᠦ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠶᠠᠪᠤᠴᠠ ᠳᠠᠬᠢ ᠠᠰᠠᠭᠤᠳᠠᠯ ᠪᠠ ᠲᠤᠷᠰᠢᠯᠭ᠎ᠠ ᠶᠢ ᠬᠢᠨᠠᠮᠠᠭᠠᠢ ᠡᠮᠬᠢᠯᠡᠨ ᠳ᠋ᠦᠩᠨᠡᠵᠦ ᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠷ ᠤᠷᠠᠯᠠᠯ ᠤᠨ ᠮᠡᠳᠡᠭᠦᠯᠬᠦ ᠬᠡᠪᠴᠢᠶ᠎ᠡ᠂ ᠮᠡᠳᠡᠭᠦᠯᠬᠦ ᠭᠤᠣᠯ ᠴᠣᠭᠴᠠ ᠪᠠ ᠠᠵᠢᠯᠲᠠᠨ᠂ ᠮᠡᠳᠡᠭᠦᠯᠬᠦ ᠨᠥᠬᠦᠴᠡᠯ᠂ ᠮᠡᠳᠡᠭᠦᠯᠬᠦ ᠮᠠᠲ᠋ᠧᠷᠢᠶᠠᠯ᠂ ᠮᠡᠳᠡᠭᠦᠯᠬᠦ ᠶᠠᠪᠤᠴᠠ᠂ ᠬᠢᠨᠠᠨ ᠲᠣᠭᠲᠠᠭᠠᠬᠤ ᠲᠠᠰ ᠳᠠᠷᠠᠭᠠᠯᠠᠯ ᠵᠡᠷᠭᠡ ᠲᠠᠯ᠎ᠠ ᠪᠠᠷ ᠪᠠᠷᠢᠮᠵᠢᠶᠠᠵᠢᠭᠰᠠᠨ᠂ ᠵᠢᠷᠤᠮᠵᠢᠭᠰᠠᠨ ᠬᠠᠮᠢᠶᠠᠷᠤᠯᠲᠠ ᠶᠠᠪᠤᠭᠤᠯᠵᠠᠢ᠃ ᠬᠤᠶᠠᠷ ᠲᠤ᠂ ︽ᠠᠷᠭ᠎ᠠ︾ ᠳᠤ᠂ ᠭᠠᠷ ᠤᠷᠠᠯᠠᠯ ᠤᠨ ᠲᠤᠭᠠᠴᠢᠯᠠᠯᠳᠠ ᠶᠢᠨ  ᠭᠤᠶᠤᠴᠢᠯᠠᠨ ᠮᠡᠳᠡᠭᠦᠯᠵᠦ ᠬᠢᠨᠠᠨ ᠲᠣᠭᠲᠠᠭᠠᠬᠤ ᠪᠠ ᠬᠠᠮᠢᠶᠠᠷᠬᠤ ᠶᠢ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ︽ᠠᠷᠭ᠎ᠠ︾ ᠶᠢᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠭᠠᠷ ᠤᠷᠠᠯᠠᠯ ᠤᠨ ᠭᠤᠶᠤᠴᠢᠯᠠᠨ ᠮᠡᠳᠡᠭᠦᠯᠬᠦ ᠬᠠᠮᠢᠶᠠᠷᠤᠯᠲᠠ ᠶᠢᠨ ᠰᠢᠰᠲ᠋ᠧᠮ ᠢ ᠨᠢᠭᠡᠳᠦᠯᠲᠡᠢ ᠲᠥᠯᠥᠪᠯᠡᠨ ᠪᠦᠲᠦᠭᠡᠨ ᠪᠠᠶᠢᠭᠤᠯᠵᠤ᠂ᠭᠠᠷ ᠤᠷᠠᠯᠠᠯ ᠤᠨ ᠡᠯᠧᠺᠲᠷᠤᠨᠴᠢᠯᠠᠨ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ ᠪᠠ ᠬᠠᠮᠢᠶᠠᠷᠤᠯᠳᠠ ᠶᠢᠨ ᠠᠵᠢᠯ ᠢ ᠬᠡᠷᠡᠭᠵᠢᠭᠦᠯᠵᠦ᠂ ᠭᠠᠷ ᠤᠷᠠᠯᠠᠯ ᠤᠨ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠢᠯᠡᠴᠢᠯᠡᠭᠡᠨ ᠤ ᠠᠵᠤ ᠠᠬᠤᠶᠢᠯᠠᠯ ᠳᠤ ᠲᠥᠬᠦᠮ ᠦᠵᠡᠭᠦᠯᠦᠨ᠎ᠡ᠃  
ᠢᠷᠡᠯᠲᠡ᠄ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠦᠪ
Baidu
map