11 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ | ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ ᠤᠨ ᠡᠭᠢᠯᠡᠯᠳᠠ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ᠃ | | | | | | 11 ᠰᠠᠷ᠎ᠠ ᠶᠢᠨ 8 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ | ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ ᠤᠨ ᠡᠭᠢᠯᠡᠯᠳᠠ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 8 ᠤ ᠴᠠᠭᠢᠯᠭᠠᠨ ᠮᠡᠳᠡᠭᠡ ᠰᠢ ᠶᠢᠨ ᠫᠢᠩ᠂ 2015 ᠣᠨ ᠳᠤ ᠪᠢ ᠬᠤᠶᠠᠳᠤᠭᠠᠷ | ᠬᠤᠭᠤᠴᠠᠭᠠᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠡᠭᠢᠯᠡᠯᠲᠡ ᠶᠢᠨ ᠶᠣᠰᠣᠯᠠᠯ ᠳᠡᠭᠡᠷ᠎ᠡ ᠪᠦᠭᠦ ᠪᠥᠮᠪᠥᠷᠴᠡᠭ ᠤᠨ ᠢᠨᠲ᠋ᠧᠷ ᠰᠦᠯᠵᠢᠶᠡᠨ ᠤ | ᠬᠥᠭᠵᠢᠯᠲᠡ ᠵᠠᠰᠠᠯᠲᠠ ᠶᠢᠨ ︽ ᠳᠥᠷᠪᠡᠨ ᠵᠠᠷᠴᠢᠮ ︾᠂ ︽ ᠲᠠᠪᠤᠨ ᠵᠣᠷᠢᠯᠲᠠ ︾ ᠶᠢ ᠳᠤᠷᠠᠳᠴᠤ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠠᠨᠠᠭᠠᠴᠢᠯᠠᠵᠠᠢ᠂ ᠡᠨᠡ ᠬᠦ ᠣᠶᠢᠯᠠᠭᠠᠭᠳᠠᠬᠤᠨ ᠨᠢ ᠳᠡᠯᠡᠬᠡᠢ ᠨᠡᠶᠢᠲᠡ ᠶᠢᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ | ᠢᠳᠡᠪᠬᠢᠲᠡᠢ ᠬᠦᠷᠢᠶᠡᠯᠡᠯ ᠢ ᠣᠯᠣᠭᠰᠠᠨ ᠪᠠᠶᠢᠨ᠎ᠠ᠃ ᠣᠳᠣᠬᠠᠨ ᠤ ᠳᠡᠯᠡᠬᠡᠢ ᠶᠢᠷᠲᠢᠨᠴᠦ ᠳᠤ ᠬᠤᠪᠢᠰᠤᠯᠲᠠ ᠳᠡᠪᠵᠢᠶᠡᠨ ᠰᠣᠯᠪᠢᠴᠠᠵᠤ᠂ ᠵᠠᠭᠤᠨ ᠵᠢᠯ ᠳᠤ | ᠲᠣᠬᠢᠶᠠᠯᠳᠤᠭ᠎ᠠ ᠦᠭᠡᠢ ᠬᠤᠪᠢᠰᠤᠯᠲᠠ ᠶᠢᠨ ᠪᠠᠶᠢᠳᠠᠯ ᠲᠦᠷᠭᠡᠳᠦᠨ ᠬᠤᠪᠢᠷᠠᠵᠤ ᠪᠠᠶᠢᠨ᠎ᠠ᠂ ᠬᠥᠭᠵᠢᠯᠲᠡ ᠶᠢᠨ ᠤᠯᠠᠭᠠᠨ ᠲᠤᠭ᠎ᠠ ᠶᠢ ᠬᠡᠷᠬᠢᠨ ᠰᠢᠢᠳᠪᠦᠷᠢᠯᠡᠬᠦ᠂ ᠠᠮᠤᠷ | ᠲᠦᠪᠰᠢᠨ ᠤ ᠬᠦᠴᠢᠷᠳᠡᠯ ᠢ ᠬᠡᠷᠬᠢᠨ ᠰᠢᠢᠳᠪᠦᠷᠢᠯᠡᠬᠦ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠴᠢᠩᠭᠠᠳᠬᠠᠬᠤ ᠪᠣᠯ ᠪᠢᠳᠡᠨ ᠳᠤ ᠬᠠᠮᠲᠤ ᠪᠠᠷ ᠲᠤᠯᠭᠠᠷᠠᠵᠤ | ᠪᠠᠶᠢᠭ᠎ᠠ ᠴᠠᠭ ᠦᠶ᠎ᠡ ᠶᠢᠨ ᠰᠡᠳᠦᠪ ᠪᠣᠯᠣᠨ᠎ᠠ᠃ ᠢᠨᠲ᠋ᠧᠷ ᠰᠦᠯᠵᠢᠶ᠎ᠡ ᠨᠢ ᠡᠳᠦᠷ ᠢᠷᠡᠬᠦᠶ᠎ᠡ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ᠂ ᠠᠮᠤᠷ | ᠲᠦᠪᠰᠢᠨ ᠢ ᠬᠠᠮᠠᠭᠠᠯᠠᠬᠤ ᠰᠢᠨ᠎ᠡ ᠣᠷᠣᠨ ᠵᠠᠢ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠰᠢᠨ᠎ᠡ ᠲᠠᠪᠴᠠᠩ ᠪᠣᠯᠵᠤ᠂ ᠰᠦᠯᠵᠢᠶᠡᠨ ᠤ ᠣᠷᠣᠨ ᠵᠠᠢ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ ᠰᠡᠳᠦᠪ ᠢ ᠬᠠᠷᠢᠭᠤᠯᠬᠤ ᠶᠢᠨ ᠵᠠᠶᠢᠯᠠᠰᠢ ᠦᠭᠡᠢ ᠰᠣᠩᠭᠤᠯᠲᠠ ᠪᠤᠯᠬᠤ ᠪᠥᠭᠡᠳ ᠪᠠᠰᠠ | ᠳᠡᠯᠡᠬᠡᠢ ᠨᠡᠶᠢᠭᠡᠮ ᠤᠨ ᠬᠠᠮᠲᠤ ᠶᠢᠨ ᠬᠦᠰᠡᠯ ᠱᠠᠭᠠᠷᠳᠠᠯᠭ᠎ᠠ ᠪᠣᠯᠣᠨ᠎ᠠ᠃ ᠪᠢᠳᠡ ᠰᠣᠯᠢᠯᠴᠠᠭ᠎ᠠ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ | ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠱᠠᠲᠤᠨ ᠳᠤ ᠣᠷᠣᠬᠤ ᠶᠢ ᠬᠠᠮᠲᠤ ᠪᠠᠷ ᠠᠬᠢᠭᠤᠯᠬᠤ | ᠬᠡᠷᠡᠭᠲᠡᠢ᠃ | ᠪᠢᠳᠡ ᠬᠥᠭᠵᠢᠭᠦᠯᠬᠦ ᠶᠢ ᠲᠡᠷᠢᠭᠦᠨ ᠳᠤ ᠲᠠᠯᠪᠢᠬᠤ ᠶᠢ ᠰᠠᠨᠠᠭᠠᠴᠢᠯᠠᠵᠤ᠂ ᠨᠡᠩ ᠲᠦᠭᠡᠮᠡᠯ ᠭᠦᠷᠳᠡᠭᠡᠮᠵᠢᠳᠤ ᠴᠡᠴᠡᠭᠯᠡᠨ ᠬᠥᠭᠵᠢᠭᠰᠡᠨ ᠰᠦᠯᠵᠢᠶᠡᠨ ᠤ ᠣᠷᠣᠨ | ᠵᠠᠢ ᠶᠢ ᠪᠠᠶᠢᠭᠤᠯᠬᠤ ᠬᠡᠷᠡᠭᠲᠡᠢ᠃ ᠲᠣᠭᠠᠴᠢᠯᠠᠭᠰᠠᠨ ᠬᠦᠷᠢᠶᠡᠨ ᠳᠠᠬᠢ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠳᠠ ᠶᠢ ᠲᠦᠷᠭᠡᠳᠬᠡᠬᠦ ᠬᠡᠷᠡᠭᠲᠡᠢ᠃ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ | ᠲᠦᠭᠡᠮᠡᠯᠵᠢᠯᠲᠡ ᠶᠢ ᠲᠦᠷᠭᠡᠳᠬᠡᠵᠦ᠂ ᠲᠣᠭᠠᠴᠢᠯᠠᠯᠳᠠ ᠶᠢᠨ ᠵᠠᠭᠠᠭ ᠵᠠᠢ ᠶᠢ ᠪᠠᠭᠠᠰᠬᠠᠵᠤ᠂ ᠢᠨᠲ᠋ᠧᠷ ᠰᠦᠯᠵᠢᠶᠡᠨ ᠤ ᠬᠥᠭᠵᠢᠯᠲᠡ ᠳᠤᠮᠳᠠ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠵᠤ᠂ ᠨᠡᠩ ᠤᠯᠠᠨ ᠤᠯᠤᠰ ᠪᠠ ᠠᠷᠠᠳ ᠲᠦᠮᠡᠨ ᠳᠤ ᠢᠨᠲ᠋ᠧᠷ ᠰᠦᠯᠵᠢᠶᠡᠨ ᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠭᠦᠯᠭᠦ ᠬᠡᠷᠡᠭᠲᠡᠢ᠃ | ᠪᠢᠳᠡ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠬᠤ ᠶᠢ ᠰᠠᠨᠠᠭᠠᠴᠢᠯᠠᠵᠤ᠂ ᠨᠡᠩ ᠡᠩᠬᠡ ᠲᠠᠶᠢᠪᠤᠩ ᠠᠮᠤᠷ ᠲᠦᠪᠰᠢᠨ ᠰᠦᠯᠵᠢᠶᠡᠨ ᠤ ᠣᠷᠣᠨ | ᠵᠠᠢ ᠶᠢ ᠪᠠᠶᠢᠭᠤᠯᠬᠤ ᠬᠡᠷᠡᠭᠲᠡᠢ᠃ ᠰᠦᠯᠵᠢᠶᠡᠨ ᠤ ᠡᠷᠬᠡ ᠮᠡᠳᠡᠯ ᠢ ᠭᠦᠨᠳᠦᠳᠭᠡᠵᠦ᠂ ᠡᠯ᠎ᠡ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠵᠠᠮ ᠪᠣᠯᠣᠨ | ᠵᠠᠰᠠᠯᠲᠠ ᠶᠢᠨ ᠵᠠᠭᠪᠤᠷ ᠢ ᠬᠦᠨᠳᠦᠳᠬᠡᠬᠦ ᠬᠡᠷᠡᠭᠲᠡᠢ᠃ ᠰᠦᠯᠵᠢᠶᠡᠨ ᠤ ᠣᠷᠣᠨ ᠵᠠᠢ ᠶᠢᠨ ᠤᠯᠠᠨ ᠤᠯᠤᠰ ᠤᠨ ᠳᠦᠷᠢᠮ ᠢ ᠵᠢᠷᠤᠮᠯᠠᠵᠤ᠂ ᠰᠦᠯᠵᠢᠶᠡᠨ ᠤ ᠡᠵᠡᠷᠬᠡᠭᠯᠡᠯ | ᠶᠠᠪᠤᠭᠤᠯᠬᠤ ᠦᠭᠡᠢ᠃ ᠰᠦᠯᠵᠢᠶᠡᠨ ᠤ ᠣᠷᠣᠨ ᠵᠠᠢ ᠶᠢᠨ ᠯᠡᠭᠧᠷ ᠤᠨ ᠡᠰᠡᠷᠭᠦᠴᠡᠯᠳᠦᠯ ᠪᠠ ᠴᠡᠷᠢᠭ ᠵᠡᠪᠰᠡᠭ ᠤᠨ ᠤᠷᠤᠯᠳᠤᠭᠠᠨ ᠶᠠᠪᠤᠭᠤᠯᠬᠤ ᠦᠭᠡᠢ᠃ | ᠰᠦᠯᠵᠢᠶᠡᠨ ᠤ ᠠᠮᠤᠷ ᠲᠦᠪᠰᠢᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ | ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠠᠴᠠ ᠪᠣᠯᠤᠭᠰᠠᠨ ᠵᠢᠷᠤᠮ ᠭᠤᠷᠢᠮ ᠤᠨ ᠮᠥᠷᠭᠦᠯᠳᠦᠭᠡᠨ᠂ ᠨᠡᠶᠢᠭᠡᠮ ᠤᠨ ᠠᠶᠤᠯ | ᠲᠦᠭᠰᠢᠭᠦᠷᠢ᠂ ᠶᠣᠰᠣ ᠰᠤᠷᠲᠠᠬᠤᠨ ᠤ ᠥᠷᠢᠰᠦᠯᠳᠦᠭᠡᠨ ᠢ ᠲᠣᠬᠢᠲᠠᠢ ᠠᠷᠭᠠᠴᠠᠭᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ | ᠬᠤᠯᠪᠣᠨ ︽ ᠪᠦᠭᠦ ᠪᠥᠮᠪᠥᠷᠴᠡᠭ ᠤᠨ ᠵᠣᠬᠢᠶᠠᠮᠠᠯ ᠣᠶᠤᠨ ᠴᠢᠳᠠᠪᠤᠷᠢ ᠶᠢᠨ ᠵᠠᠰᠠᠯᠲᠠ ᠶᠢᠨ ᠰᠠᠨᠠᠭᠠᠴᠢᠯᠠᠭ᠎ᠠ ︾ ᠶᠢ ᠨᠠᠶᠢᠳᠠᠪᠤᠷᠢᠵᠢᠭᠤᠯᠵᠤ᠂ ᠵᠣᠬᠢᠶᠠᠮᠠᠯ ᠣᠶᠤᠨ | ᠴᠢᠳᠠᠪᠤᠷᠢ ᠶᠢᠨ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ᠃ | ᠪᠢᠳᠡ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠰᠠᠨᠠᠭᠠᠴᠢᠯᠠᠵᠤ᠂ ᠨᠡᠩ ᠡᠷᠬᠡ ᠲᠡᠭᠰᠢ ᠪᠠᠭᠲᠠᠭᠠᠮᠵᠢᠲᠠᠢ ᠰᠦᠯᠵᠢᠶᠡᠨ ᠤ ᠣᠷᠣᠨ ᠵᠠᠢ ᠶᠢ ᠪᠠᠶᠢᠭᠤᠯᠬᠤ | ᠬᠡᠷᠡᠭᠲᠡᠢ᠃ ᠰᠦᠯᠵᠢᠶᠡᠨ ᠳᠡᠭᠡᠷᠡᠬᠢ ᠰᠣᠯᠢᠯᠴᠠᠭ᠎ᠠ ᠶᠠᠷᠢᠯᠴᠠᠭ᠎ᠠ ᠶᠢ ᠴᠢᠩᠭᠠᠳᠬᠠᠵᠤ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠵᠤ ᠬᠠᠷᠢᠯᠴᠠᠨ | ᠳᠣᠲᠣᠨᠣᠴᠢᠯᠠᠬᠤ ᠶᠢ ᠠᠬᠢᠭᠤᠯᠵᠤ᠂ ᠠᠳᠠᠯᠢ ᠪᠤᠰᠤ ᠪᠣᠯᠪᠠᠰᠤᠨ ᠤ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠠᠬᠢᠭᠤᠯᠵᠤ᠂ ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠦᠷᠳᠡᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ | ᠰᠦᠯᠵᠢᠶᠡᠨ ᠤ ᠰᠣᠶᠣᠯ ᠤᠨ ᠪᠦᠲᠦᠭᠡᠭᠳᠡᠬᠦᠨ ᠢ ᠦᠢᠯᠡᠳᠪᠦᠷᠢᠯᠡᠨ ᠳᠠᠮᠵᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠰᠢᠯᠢᠳᠡᠭ ᠪᠣᠯᠪᠠᠰᠤᠨ ᠤ ᠦᠷ᠎ᠡ | ᠪᠦᠲᠦᠭᠡᠯ ᠢ ᠭᠦᠢᠴᠡᠳ ᠢᠯᠡᠷᠡᠭᠦᠯᠵᠦ᠂ ᠪᠣᠯᠪᠠᠰᠤᠨ ᠢ ᠤᠯᠠᠮᠵᠢᠯᠠᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠰᠦᠯᠵᠢᠶᠡᠨ ᠳᠡᠭᠡᠷᠡᠬᠢ ᠤᠶᠤᠨ ᠰᠠᠨᠠᠭᠠᠨ ᠤ ᠭᠡᠷ | ᠣᠷᠣᠨ ᠢ ᠬᠠᠮᠲᠤ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠮᠡᠳᠡᠭᠡ ᠵᠠᠩᠭᠢ ᠶᠢᠨ ᠬᠤᠪᠢᠰᠬᠠᠯ ᠤᠨ ᠴᠠᠭ ᠦᠶ᠎ᠡ ᠶᠢᠨ ᠤᠷᠤᠰᠬᠠᠯ ᠰᠦᠷ ᠳᠠᠯᠠᠶᠢᠴᠠᠲᠠᠢ ᠤᠷᠤᠭᠰᠢᠯᠠᠵᠤ᠂ | ᠰᠦᠯᠵᠢᠶᠡᠨ ᠤ ᠣᠷᠣᠨ ᠵᠠᠢ ᠬᠥᠮᠥᠨ ᠲᠥᠷᠥᠯᠬᠢᠲᠡᠨ ᠤ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ | ᠃ ᠪᠢᠳᠠ ᠭᠠᠷ ᠬᠤᠯᠪᠣᠨ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠢᠨᠲ᠋ᠧᠷ ᠰᠦᠯᠵᠢᠶ᠎ᠡ ᠪᠠᠷ ᠳᠡᠯᠡᠬᠡᠢ ᠶᠢᠨ | ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠴᠣᠭᠴᠠᠯᠠᠶ᠎ᠠ︕ ᠭᠡᠵᠦ ᠴᠢᠬᠤᠯᠠᠴᠢᠯᠠᠪᠠ᠃ | 2023 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠤ ᠲᠦᠷᠦᠭᠦᠴᠦᠳ ᠤᠨ ᠬᠤᠷᠠᠯ 11 ᠰᠠᠷ᠎ᠠ ᠶᠢᠨ 8 ᠠᠴᠠ 10 ᠤ | ᠡᠳᠦᠷ ᠪᠤᠯᠲᠠᠯ᠎ᠠ ᠵᠧᠵᠢᠶᠠᠩ ᠤᠨ ᠦ᠋ ᠵᠧᠨ ᠪᠠᠯᠭᠠᠰᠤᠨ ᠳᠤ ᠶᠠᠪᠤᠭᠳᠠᠨ᠂ ︽ ᠪᠠᠭᠲᠠᠭᠠᠮᠵᠢᠲᠠᠢ᠂ ᠲᠦᠭᠡᠮᠡᠯ ᠭᠦᠷᠳᠡᠭᠡᠮᠵᠢᠳᠤ᠂ ᠤᠶᠠᠨ ᠬᠠᠲᠠᠨ ᠴᠢᠨᠠᠷᠲᠠᠢ | ᠲᠣᠭᠠᠴᠢᠯᠠᠭᠰᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠵᠤ – ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ | ᠬᠤᠯᠪᠣᠨ ᠪᠠᠶᠢᠭᠤᠯᠤᠶ᠎ᠠ ︾ ᠭᠡᠬᠦ ᠪᠠᠷ ᠭᠤᠣᠯ ᠰᠡᠳᠦᠪ ᠪᠣᠯᠭᠠᠪᠠ᠃ | |