︽ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠳᠤ ᠵᠠᠰᠠᠪᠤᠷᠢ ᠣᠷᠣᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠣᠭᠲᠠᠭᠠᠯ
ᠨᠡᠶᠢᠲᠡᠯᠡᠭᠰᠡᠨ ᠴᠠᠭ᠄
2023/12/14
    ︵2023 ᠣᠨ ᠤ 8 ᠳ᠋ᠤᠭᠠᠷ ᠰᠠᠷ᠎ᠠ ᠶᠢᠨ 21 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 58 ᠳ᠋ᠤᠭᠠᠷ ᠲᠣᠭᠠᠲᠤ ᠶᠢ ᠨᠡᠶᠢᠲᠡᠯᠡᠵᠦ᠂ 2023 ᠣᠨ ᠤ 10 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ︽ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 51  ᠳ᠋ᠦ᠋ᠭᠡᠷ ᠲᠣᠭᠠᠲᠤ︶ ᠳᠤ ᠳᠣᠤᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠭᠠᠪᠠ᠄    ᠨᠢᠭᠡ᠂ ᠠᠷᠪᠠᠨ ᠳᠣᠯᠣᠳᠤᠭᠠᠷ ᠵᠣᠷᠪᠤᠰ ᠢ ︽ᠣᠨᠴᠠᠭᠠᠶ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠳᠣᠤᠷᠠᠬᠢ ᠮᠡᠲᠦ ᠪᠠᠶᠢᠳᠠᠯ ᠤᠨ ᠨᠢᠭᠡ ᠨᠢ ᠪᠠᠶᠢᠪᠠᠯ᠂ ᠪᠠᠷᠢᠯᠭ᠎ᠠ ᠪᠠᠷᠢᠭᠤᠯᠬᠤ ᠨᠢᠭᠡᠴᠢ ᠨᠢ ᠲᠣᠰ ᠲᠣᠭᠲᠠᠭᠠᠯ ᠤᠨ ᠠᠷᠪᠠᠨ ᠵᠢᠷᠭᠤᠳᠤᠭᠠᠷ ᠵᠣᠷᠪᠤᠰ ᠲᠤ ᠵᠢᠭᠰᠠᠭᠠᠭᠳᠠᠭᠰᠠᠨ ᠮᠠᠲ᠋ᠧᠷᠢᠶᠠᠯ ᠢᠶᠠᠨ ᠲᠤᠰᠢᠶᠠᠬᠤ ᠠᠴᠠ ᠭᠠᠳᠠᠨ᠎ᠠ᠂ ᠪᠠᠰᠠ ᠣᠨᠴᠠᠭᠠᠢ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢᠨ ᠮᠡᠷᠭᠡᠵᠢᠯ ᠤᠨ ᠮᠠᠲ᠋ᠧᠷᠢᠶᠠᠯ ᠢᠶᠠᠨ ᠬᠠᠮᠲᠤ ᠳᠤ ᠨᠢ ᠲᠤᠰᠢᠶᠠᠬᠤ ᠬᠡᠷᠡᠭᠲᠡᠶ᠄     ︵ᠨᠢᠭᠡ︶ ᠤᠯᠤᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠳᠤ ᠲᠣᠭᠲᠠᠭᠠᠭᠰᠠᠨ ᠦᠭᠡᠶ᠃     ︵ᠬᠤᠶᠠᠷ︶ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠬᠡᠷᠡᠭᠯᠡᠬᠦ ᠪᠠᠷ ᠪᠠᠶᠢᠭ᠎ᠠ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ ᠨᠢ ᠤᠯᠤᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠯ ᠣᠨᠲᠠᠷᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠶ᠃     ︵ᠭᠤᠷᠪᠠ︶ ᠲᠡᠦᠬᠡᠨ ᠪᠠᠷᠢᠯᠭ᠎ᠠ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠨ ᠠᠰᠢᠭᠯᠠᠬᠤ ᠠᠴᠠ ᠪᠣᠯᠵᠤ᠂ ᠤᠯᠤᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠡᠨ ᠬᠦ ᠬᠠᠩᠭᠠᠬᠤ ᠶᠢᠨ ᠠᠷᠭ᠎ᠠ ᠦᠭᠡᠢ ᠪᠠᠶᠢᠬᠤ᠃     ᠡᠮᠦᠨᠡᠬᠢ ᠵᠤᠷᠪᠤᠰ ᠲᠤ ᠬᠡᠯᠡᠵᠦ ᠪᠠᠶᠢᠭ᠎ᠠ ᠣᠨᠴᠠᠭᠠᠢ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢᠨ ᠮᠡᠷᠭᠡᠵᠢᠯ ᠤᠨ ᠮᠠᠲ᠋ᠧᠷᠢᠶᠠᠯ ᠳᠤ ᠣᠨᠴᠠᠭᠠᠢ ᠭᠠᠯ ᠣᠨᠲᠠᠷᠠᠭᠠᠯᠲᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠵᠢᠴᠢ ᠬᠤᠶᠠᠷ ᠠᠴᠠ ᠳᠡᠭᠡᠭᠰᠢ ᠬᠤᠯᠪᠣᠭᠳᠠᠯ ᠪᠦᠬᠦᠢ ᠬᠡᠷᠡᠭᠯᠡᠯᠲᠡ ᠶᠢᠨ ᠪᠣᠳᠠᠲᠤ ᠵᠢᠱᠢᠶ᠎ᠡ᠂ ᠦᠢᠯᠡᠳᠬᠦᠨ ᠤ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠪᠠᠭᠲᠠᠭᠠᠬᠤ ᠬᠡᠷᠡᠭᠲᠡᠶ᠃    ᠣᠨᠴᠠᠭᠠᠢ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠨᠢ ᠣᠯᠠᠨ ᠤᠯᠤᠰ ᠤᠨ ᠪᠠᠷᠢᠮᠵᠢᠶ᠎ᠠ ᠪᠤᠶᠤ ᠬᠢᠯᠢ ᠶᠢᠨ ᠭᠠᠳᠠᠨᠠᠬᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠶᠢ ᠬᠡᠷᠡᠭᠯᠡᠬᠦ ᠲᠠᠢ ᠬᠤᠯᠪᠣᠭᠳᠠᠪᠠᠯ᠂ ᠪᠠᠰᠠ ᠵᠣᠬᠢᠬᠤ ᠬᠢᠲᠠᠳ ᠬᠡᠯᠡᠨ ᠤ ᠳᠣᠪᠬᠢᠮᠠᠯ ᠬᠠᠩᠭᠠᠬᠤ ᠬᠡᠷᠡᠭᠲᠡᠶ᠃︾ᠬᠤᠶᠠᠷ᠂ ᠨᠢᠭᠡ ᠵᠣᠷᠪᠤᠰ ᠨᠡᠮᠡᠭᠡᠳ ᠠᠷᠪᠠᠨ ᠨᠠᠢᠮᠠᠳᠤᠭᠠᠷ ᠵᠣᠷᠪᠤᠰ ᠪᠣᠯᠭᠠᠨ᠎ᠠ᠄ ︽ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢᠨ ᠣᠨᠴᠠᠭᠠᠶ ᠪᠢᠴᠢᠭ ᠮᠠᠲ᠋ᠧᠷᠢᠶᠠᠯ ᠳᠤ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢᠨ ᠴᠢᠬᠤᠯᠠ ᠴᠢᠨᠠᠷ ᠤᠨ ᠨᠤᠲᠠᠯᠠᠯᠲᠠ᠂ ᠭᠠᠯ ᠤᠨᠲᠠᠷᠠᠭᠠᠯᠲᠠ ᠶᠢᠨ ᠣᠨᠴᠠᠭᠠᠢ ᠵᠢᠷᠤᠭ ᠲᠥᠯᠥᠪᠯᠡᠭᠡ ᠶᠢᠨ ᠲᠥᠰᠦᠯ᠂ ᠭᠠᠯ ᠤᠨ ᠠᠶᠤᠯ ᠤᠨ ᠲᠤᠭ᠎ᠠ ᠬᠡᠮᠵᠢᠭᠳᠡᠯ ᠤᠨ ᠳᠠᠭᠤᠷᠢᠶᠠᠮᠠᠯ ᠵᠠᠳᠠᠯᠤᠯᠲᠠ ᠵᠡᠷᠭᠡ ᠠᠭᠤᠯᠭ᠎ᠠ ᠶᠢ ᠪᠠᠭᠲᠠᠭᠠᠵᠤ᠂ ᠬᠦᠨᠳᠦ ᠶᠡᠭᠡ ᠢᠨᠵᠧᠨᠧᠷᠢᠩ᠂ ᠭᠠᠯ ᠤᠨ ᠠᠶᠤᠯ ᠤᠨ ᠲᠦᠭᠰᠢᠭᠦᠷᠢ ᠶᠢᠨ ᠵᠡᠷᠭᠡ ᠳᠡᠰ ᠨᠢ ᠥᠨᠳᠥᠷ ᠪᠠᠶᠢᠪᠠᠯ᠂ ᠪᠣᠳᠠᠲᠤ ᠴᠣᠭᠴᠠ ᠶᠢᠨ ᠲᠤᠷᠰᠢᠯᠲᠠ ᠶᠢᠨ ᠰᠢᠯᠭᠠᠨ ᠪᠠᠲᠤᠯᠠᠬᠤ ᠠᠭᠤᠯᠭ᠎ᠠ ᠶᠢ ᠪᠠᠭᠲᠠᠭᠠᠬᠤ ᠬᠡᠷᠡᠭᠲᠡᠶ᠃    ᠣᠨᠴᠠᠭᠠᠢ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢᠨ ᠲᠥᠰᠦᠯ ᠢ ᠬᠤᠶᠠᠷ ᠵᠦᠢᠯ ᠠᠴᠠ ᠳᠡᠭᠡᠭᠰᠢᠬᠢ ᠲᠥᠰᠦᠯ ᠲᠠᠢ ᠠᠳᠠᠯᠢᠳᠬᠠᠨ ᠰᠣᠩᠭᠤᠵᠤ᠂ ᠠᠶᠤᠯᠭᠦᠢ ᠴᠢᠨᠠᠷ᠂ ᠠᠵᠤ ᠠᠬᠤᠶ ᠶᠢᠨ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠵᠡᠷᠭᠡ ᠲᠠᠯ᠎ᠠ ᠠᠴᠠ ᠶᠡᠷᠦᠩᠬᠡᠶᠢᠯᠡᠨ ᠵᠠᠳᠠᠯᠤᠯᠲᠠ ᠬᠢᠭᠰᠡᠨ ᠤ ᠳᠠᠷᠠᠭ᠎ᠠ ᠪᠦᠷᠢᠯᠳᠦᠬᠦᠯᠬᠦ ᠬᠡᠷᠡᠭᠲᠡᠶ᠃    ᠭᠠᠯ ᠤᠨ ᠠᠶᠤᠯ ᠤᠨ ᠲᠤᠭ᠎ᠠ ᠬᠡᠮᠵᠢᠭᠳᠡᠯ ᠤᠨ ᠳᠠᠭᠤᠷᠢᠶᠠᠮᠠᠯ ᠵᠠᠳᠠᠯᠤᠯᠲᠠ ᠶᠢ ᠭᠠᠯ ᠤᠨ ᠠᠶᠤᠯ ᠤᠨ ᠦᠵᠡᠭᠳᠡᠯ ᠪᠣᠯᠤᠨ ᠳᠠᠭᠤᠷᠢᠶᠠᠮᠠᠯ ᠪᠣᠯᠵᠣᠯᠲᠤ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠣᠳᠠᠲᠤ ᠴᠣᠭᠴᠠ ᠶᠢᠨ ᠲᠤᠷᠰᠢᠯᠲᠠ ᠨᠢ ᠪᠣᠳᠠᠲᠤ ᠪᠠᠶᠢᠳᠠᠯ ᠲᠠᠢ ᠪᠠᠨ ᠨᠡᠶᠢᠴᠡᠭᠰᠡᠨ ᠪᠠᠶᠢᠬᠤ ᠬᠡᠷᠡᠭᠲᠡᠶ᠃ ᠭᠠᠯ ᠤᠨ ᠠᠶᠤᠯ ᠤᠨ ᠲᠤᠭ᠎ᠠ ᠬᠡᠮᠵᠢᠭᠳᠡᠯ ᠤᠨ ᠳᠠᠭᠤᠷᠢᠶᠠᠮᠠᠯ ᠵᠠᠳᠠᠯᠤᠯᠲᠠ ᠶᠢᠨ ᠳ᠋ᠦᠩᠨᠡᠯᠲᠡ ᠪᠠ ᠪᠣᠳᠠᠲᠤ ᠴᠣᠭᠴᠠ ᠶᠢᠨ ᠲᠤᠷᠰᠢᠯᠲᠠ ᠶᠢᠨ ᠰᠢᠢᠳᠪᠦᠷᠢ ᠶᠢ ᠨᠢᠭᠡᠳᠦᠯᠲᠡᠶ ᠪᠠᠶᠢᠯᠭᠠᠬᠤ ᠬᠡᠷᠡᠭᠲᠡᠶ᠃ ᠭᠤᠷᠪᠠ᠂ ᠬᠤᠷᠢᠨ ᠨᠢᠭᠡᠳᠦᠭᠡᠷ ᠵᠣᠷᠪᠤᠰ ᠢ ᠬᠤᠷᠢᠨ ᠬᠤᠶᠠᠳᠤᠭᠠᠷ ᠵᠣᠷᠪᠤᠰ ᠪᠣᠯᠭᠠᠨ ᠵᠠᠰᠠᠵᠤ᠂ ᠭᠤᠷᠪᠠᠳᠤᠭᠠᠷ ᠪᠠᠳᠠᠭ ᠢ᠄ ︽ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠶᠡᠷᠦᠩᠬᠡᠶ ᠬᠦᠮᠦᠨ ᠤ ᠲᠤᠭ᠎ᠠ ᠨᠢ ᠳᠣᠯᠤᠭ᠎ᠠ ᠠᠴᠠ ᠳᠤᠲᠠᠭᠤ ᠪᠠᠶᠢᠵᠤ ᠪᠣᠯᠬᠤ ᠥᠬᠡᠶ᠂ ᠪᠠᠰᠠ ᠲᠤᠰᠠᠭᠠᠷ ᠵᠥᠪᠰᠢᠶᠡᠷᠡᠭᠰᠡᠨ ᠪᠤᠶᠤ ᠵᠥᠪᠰᠢᠶᠡᠷᠡᠭᠰᠡᠨ ᠥᠬᠡᠶ ᠬᠢᠨᠠᠨ ᠲᠣᠭᠲᠠᠭᠠᠬᠤ ᠰᠠᠨᠠᠯ ᠢ ᠭᠠᠷᠭᠠᠵᠤ ᠥᠭᠬᠦ ᠬᠡᠷᠡᠭᠲᠡᠶ᠃ ᠣᠨᠴᠠᠭᠠᠢ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢᠨ ᠮᠡᠷᠭᠡᠵᠢᠯ ᠤᠨ ᠮᠠᠲ᠋ᠧᠷᠢᠶᠠᠯ ᠢ ᠳᠥᠷᠪᠡᠨ ᠤ ᠭᠤᠷᠪᠠ ᠠᠴᠠ ᠳᠡᠭᠡᠭᠰᠢᠬᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢᠶᠠᠷ ᠵᠥᠪᠰᠢᠶᠡᠷᠡᠭᠦᠯᠵᠦ ᠬᠢᠨᠠᠨ ᠲᠤᠭᠳᠠᠭᠠᠯᠭᠠᠭᠠᠳ ᠪᠠᠲᠤᠯᠠᠭᠤᠯᠵᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠠᠳᠠᠯᠢ ᠪᠤᠰᠤ ᠰᠠᠨᠠᠯ ᠲᠠᠢ ᠪᠠᠶᠢᠪᠠᠯ᠂ ᠲᠤᠳᠤᠷᠬᠠᠶᠢᠯᠠᠭᠤᠯᠬᠤ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠤᠳ ᠲᠤᠰᠬᠠᠢ ᠮᠡᠷᠭᠡᠵᠢᠯᠲᠡᠨ ᠤ ᠬᠢᠨᠠᠨ ᠲᠤᠭᠳᠠᠭᠠᠭᠰᠠᠨ ᠰᠠᠨᠠᠯ ᠢ ᠬᠢᠨᠠᠨ ᠲᠣᠭᠲᠠᠭᠠᠯᠭᠠᠬᠤ ᠪᠠᠷ ᠮᠡᠳᠡᠭᠦᠯᠦᠭᠰᠡᠨ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠳᠡᠬᠦ ᠬᠡᠷᠡᠭᠲᠡᠢ︾ ᠭᠡᠵᠦ ᠵᠠᠰᠠᠨ᠎ᠠ᠃    ᠳᠥᠷᠪᠡ᠂ ᠭᠤᠴᠢᠨ ᠭᠤᠷᠪᠠᠳᠤᠭᠠᠷ ᠵᠣᠷᠪᠤᠰ ᠢ ᠭᠤᠴᠢᠨ ᠳᠥᠷᠪᠡᠳᠦᠭᠡᠷ ᠵᠣᠷᠪᠤᠰ ᠪᠣᠯᠭᠠᠵᠤ᠂ ᠨᠢᠭᠡᠳᠦᠭᠡᠷ ᠪᠠᠳᠠᠭ ᠢ᠄ ︽ᠪᠤᠰᠤᠳ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠤ  ᠳᠠᠩᠰᠠᠯᠠᠭᠤᠯᠵᠤ ᠰᠤᠭᠤᠴᠢᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠲᠥᠷᠥᠯ ᠬᠤᠪᠢᠶᠠᠨ ᠬᠠᠮᠢᠶᠠᠷᠤᠨ᠎ᠠ︾ ᠭᠡᠵᠦ ᠵᠠᠰᠠᠨ᠎ᠠ᠃    ᠲᠠᠪᠤ᠂ ᠨᠢᠭᠡ ᠵᠣᠷᠪᠤᠰ ᠨᠡᠮᠡᠭᠡᠳ ᠭᠤᠴᠢᠨ ᠲᠠᠪᠤᠳᠤᠭᠠᠷ ᠵᠣᠷᠪᠤᠰ ᠪᠣᠯᠭᠠᠨ᠎ᠠ᠄ ︽ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠨᠢ ᠪᠤᠰᠤᠳ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠬᠤᠪᠢᠶᠠᠨ ᠬᠠᠮᠢᠶᠠᠷᠬᠤ ᠭᠠᠷᠴᠠᠭ ᠤᠨ ᠨᠠᠷᠢᠨ ᠬᠠᠭᠤᠳᠠᠰᠤ ᠶᠢ ᠲᠣᠭᠲᠠᠭᠠᠬᠤ ᠬᠡᠷᠡᠭᠲᠡᠶ᠃︾    ᠪᠤᠰᠤᠳ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠨᠢ ᠪᠠᠷᠢᠯᠭ᠎ᠠ ᠶᠢᠨ ᠪᠠᠶᠢᠭ᠎ᠠ ᠣᠷᠣᠨ ᠪᠦᠰᠡ ᠶᠢᠨ ᠣᠷᠴᠢᠨ ᠲᠣᠭᠤᠷᠢᠨ᠂ ᠪᠠᠷᠢᠯᠭ᠎ᠠ ᠶᠢᠨ ᠬᠡᠷᠡᠭᠯᠡᠭᠡᠨ ᠤ ᠴᠢᠳᠠᠮᠵᠢ᠂ ᠪᠠᠷᠢᠯᠭ᠎ᠠ ᠶᠢᠨ ᠬᠡᠪᠴᠢᠶ᠎ᠡ ᠪᠣᠯᠤᠨ ᠥᠨᠳᠥᠷ ᠤᠨ ᠬᠡᠮᠵᠢᠶ᠎ᠡ᠂ ᠪᠠᠷᠢᠯᠭ᠎ᠠ ᠶᠢᠨ ᠭᠠᠯ ᠢ ᠳᠠᠭᠠᠭᠠᠬᠤ ᠳᠡᠰ᠂ ᠲᠠᠷᠬᠠᠭᠠᠬᠤ ᠴᠢᠳᠠᠪᠤᠷᠢ᠂ ᠭᠠᠯ ᠤᠨᠲᠠᠷᠠᠭᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠣᠬᠢᠷᠠᠭᠤᠯᠬᠤ ᠬᠢᠷᠢ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ ᠡᠩ ᠤᠨ ᠲᠥᠷᠥᠯ ᠵᠦᠢᠯ᠂ ᠭᠤᠤᠯᠳᠠᠯᠭ᠎ᠠ ᠲᠠᠢ ᠲᠥᠷᠥᠯ ᠵᠦᠢᠯ ᠵᠡᠷᠭᠡ ᠬᠤᠶᠠᠷ ᠲᠥᠷᠥᠯ ᠳᠤ ᠬᠤᠪᠢᠶᠠᠨ᠎ᠠ᠃     ᠵᠢᠷᠭᠤᠭ᠎ᠠ᠂ ᠭᠤᠴᠢᠨ ᠲᠠᠪᠤᠳᠤᠭᠠᠷ ᠵᠣᠷᠪᠤᠰ ᠢ ᠭᠤᠴᠢᠨ ᠳᠣᠯᠣᠳᠤᠭᠠᠷ ᠵᠣᠷᠪᠤᠰ ᠪᠣᠯᠭᠠᠵᠤ᠂ ᠨᠢᠭᠡ ᠪᠠᠳᠠᠭ ᠨᠡᠮᠡᠵᠦ᠂ ᠬᠤᠶᠠᠳᠤᠭᠠᠷ ᠪᠠᠳᠠᠭ ᠪᠣᠯᠭᠠᠨ᠎ᠠ᠄ ︽ᠡᠩ ᠤᠨ ᠲᠥᠷᠥᠯ ᠵᠦᠢᠯ ᠨᠢ ᠬᠡᠯᠡᠵᠦ ᠥᠭᠬᠦ ᠠᠮᠠᠯᠠᠯᠲᠠ ᠶᠢᠨ ᠲᠦᠷᠢᠮ ᠤᠨ ᠠᠷᠭ᠎ᠠ ᠬᠡᠯᠪᠡᠷᠢ ᠪᠠᠷ ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠨᠢ ᠠᠮᠠᠯᠠᠯᠲᠠ ᠶᠢᠨ ᠪᠢᠴᠢᠭ ᠢᠶᠠᠨ ᠦᠨᠳᠦᠰᠦᠯᠡᠨ ᠳᠠᠩᠰᠠᠯᠠᠭᠤᠯᠤᠭᠰᠠᠨ ᠭᠡᠷᠡᠴᠢ ᠪᠠᠷᠢᠮᠲᠠ ᠶᠢ ᠭᠠᠷᠭᠠᠵᠤ ᠥᠭᠬᠦ ᠬᠡᠷᠡᠭᠲᠡᠢ᠃︾    ᠳᠣᠯᠤᠭ᠎ᠠ᠂ ᠭᠤᠴᠢᠨ ᠵᠢᠷᠭᠤᠳᠤᠭᠠᠷ ᠵᠣᠷᠪᠤᠰ ᠤᠨ ᠨᠢᠭᠡᠳᠦᠭᠡᠷ ᠪᠠᠳᠠᠭ ᠢ ᠭᠤᠴᠢᠨ  ᠨᠠᠢᠮᠠᠳᠤᠭᠠᠷ ᠵᠣᠷᠪᠤᠰ ᠪᠣᠯᠭᠠᠭᠠᠳ᠄ ︽ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠳᠠᠩᠰᠠᠯᠠᠭᠤᠯᠤᠭᠰᠠᠨ ᠪᠤᠰᠤᠳ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠰᠤᠭᠤᠴᠢᠨ ᠪᠠᠶᠢᠴᠠᠭᠠᠯᠲᠠ ᠬᠢᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠰᠤᠭᠤᠴᠢᠨ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠶ᠃    ᠰᠤᠭᠤᠴᠢᠨ ᠪᠠᠶᠢᠴᠠᠭᠠᠬᠤ ᠠᠵᠢᠯ ᠳᠤ ︿ᠬᠤᠶᠠᠷ ᠢ ᠳᠠᠰᠢᠷᠠᠮ ᠳᠠᠭᠠᠤ ᠨᠢᠭᠡ ᠶᠢ ᠢᠯᠡ ᠪᠣᠯᠭᠠᠬᠤ﹀ ᠲᠦᠷᠢᠮ ᠢ ᠬᠡᠷᠡᠭᠵᠢᠭᠦᠯᠵᠦ᠂ ᠪᠠᠶᠢᠴᠠᠭᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ ᠭᠠᠷᠭᠠᠵᠤ᠂ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠨ᠎ᠠ᠃ ᠰᠤᠭᠤᠴᠢᠵᠵᠣ ᠠᠪᠬᠤ ᠬᠠᠷᠢᠴᠠᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠠᠴᠠ᠂ ᠬᠠᠷᠢᠶ᠎ᠠ ᠣᠷᠣᠨ ᠤ ᠪᠠᠨ ᠳᠣᠲᠣᠷᠠᠬᠢ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠶᠠᠰᠤ ᠴᠢᠨᠠᠷ ᠤᠨ ᠪᠠᠶᠢᠳᠠᠯ ᠲᠠᠢ ᠤᠶᠠᠯᠳᠤᠭᠤᠯᠤᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃    ᠳᠤᠯᠤᠭ᠎ᠠ᠂ ᠭᠤᠴᠢᠨ ᠵᠢᠷᠭᠤᠳᠤᠭᠠᠷ ᠵᠣᠷᠪᠤᠰ ᠤᠨ ᠬᠤᠶᠠᠳᠤᠭᠠᠷ ᠪᠠᠳᠠᠭ ᠢ ᠭᠤᠴᠢ ᠶᠢᠰᠦᠳᠦᠭᠡᠷ ᠵᠣᠷᠪᠤᠰ ᠪᠣᠯᠭᠠᠨ᠎ᠠ᠃ᠡᠭᠦᠨ ᠠᠴᠠ ᠭᠠᠳᠠᠨ᠎ᠠ᠂ ᠬᠤᠯᠪᠣᠭᠳᠠᠯ ᠪᠦᠬᠦᠢ ᠵᠦᠢᠯ ᠵᠤᠷᠪᠤᠰ ᠤᠨ ᠳ᠋ᠤᠭᠠᠷᠯᠠᠯ ᠳᠤ ᠵᠣᠬᠢᠴᠠᠩᠭᠤᠶ ᠲᠣᠬᠢᠷᠠᠭᠤᠯᠤᠯᠲᠠ ᠬᠢᠨ᠎ᠡ᠃ᠲᠣᠰ ᠲᠣᠭᠲᠠᠭᠠᠯ ᠢ 2023 ᠣᠨ ᠤ 10 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠯᠲᠠ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ  ᠳᠤ ᠲᠤᠰ ᠲᠣᠭᠲᠠᠭᠠᠯ ᠢ ᠦᠨᠳᠦᠰᠦᠯᠡᠨ ᠵᠣᠬᠢᠬᠤ ᠵᠠᠰᠠᠪᠤᠷᠢ ᠣᠷᠣᠭᠤᠯᠵᠤ᠂ ᠳᠠᠬᠢᠵᠤ ᠨᠡᠶᠢᠲᠡᠯᠡᠨ᠎ᠡ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map