ᠢᠦᠢ ᠰᠢᠨ ᠹᠠᠩ ᠨᠠᠷ ᠵᠧᠵᠢᠶᠠᠩ ᠮᠤᠵᠢ᠂ ᠵᠢᠶᠠᠩᠰᠤ ᠮᠤᠵᠢ ᠳᠤ ᠬᠦᠷᠴᠦ ᠬᠤᠳᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠦᠢᠯᠡᠴᠢᠯᠡᠭᠡ ᠶᠢᠨ ᠲᠠᠪᠴᠠᠩ ᠪᠣᠯᠣᠨ ᠬᠤᠳᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/12/28
    12 ᠳ᠋ᠤᠭᠠᠷ ᠰᠠᠷ᠎ᠠ ᠶᠢᠨ 26 ᠤ ᠡᠳᠦᠷ ᠠᠴᠠ 29 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠪᠦᠯᠬᠦᠮ ᠳᠠᠭᠠᠭᠤᠯᠤᠨ ᠵᠧᠵᠢᠶᠠᠩ ᠮᠤᠵᠢ᠂ ᠵᠢᠶᠠᠩᠰᠤ ᠮᠤᠵᠢ ᠳᠤ ᠬᠦᠷᠴᠦ ᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠦᠢᠯᠡᠴᠢᠯᠡᠭᠡ ᠶᠢᠨ ᠲᠠᠪᠴᠠᠩ ᠪᠣᠯᠣᠨ ᠬᠤᠲᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠢ ᠰᠤᠷᠤᠯᠴᠠᠨ ᠪᠠᠶᠢᠴᠠᠭᠠᠨ ᠰᠤᠳᠤᠯᠪᠠ᠃
1.jpg
    ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠵᠧᠵᠢᠶᠠᠩ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠢᠩᠬᠢᠮ᠂ ᠵᠢᠶᠠᠩᠰᠤ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠠᠩᠵᠧᠦ ᠬᠤᠲᠠ ᠶᠢᠨ ᠬᠤᠲᠠ  ᠶᠢᠨ ᠬᠠᠮᠢᠶᠠᠷᠤᠯᠲᠠ ᠵᠢᠯᠣᠭᠤᠳᠤᠯᠭ᠎ᠠ ᠪᠠᠲᠤᠯᠠᠭ᠎ᠠ ᠶᠢᠨ ᠲᠥᠪ ᠵᠢᠴᠢ ᠨᠠᠨᠵᠢᠩ ᠬᠤᠲᠠ ᠶᠢᠨ ᠵᠢᠶᠠᠩᠨᠢᠩ ᠲᠣᠭᠤᠷᠢᠭ ᠤᠨ ᠬᠤᠲᠠ ᠶᠢᠨ ᠲᠣᠭᠠᠴᠠᠯᠠᠯᠲᠠ ᠵᠠᠰᠠᠯᠲᠠ ᠶᠢᠨ ᠲᠥᠪ ᠲᠤ ᠬᠦᠷᠴᠦ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ ᠰᠤᠷᠤᠯᠴᠠᠪᠠ᠃ ᠳᠡᠭᠡᠷᠡᠬᠢ ᠮᠤᠵᠢ ᠬᠤᠳᠠ ᠶᠢᠨ ᠬᠤᠳᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠦᠢᠯᠡᠴᠢᠯᠡᠭᠡ ᠶᠢᠨ ᠲᠠᠪᠴᠠᠩ ᠪᠣᠯᠣᠨ ᠬᠤᠳᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠮᠤᠵᠢ ᠬᠤᠳᠠ ᠶᠢᠨ ᠬᠤᠶᠠᠷ ᠱᠠᠲᠤᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠰᠡᠳᠭᠢᠮᠵᠢ᠂ ᠬᠡᠷᠡᠭᠯᠡᠭᠡᠨ ᠤ ᠪᠦᠲᠦᠴᠡ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠰᠠᠨᠠᠯ ᠰᠣᠯᠢᠯᠴᠠᠪᠠ᠃
2.jpg
    ᠢᠦᠢ ᠰᠢᠨ ᠹᠠᠩ᠂ ᠵᠧᠵᠢᠶᠠᠩ ᠮᠤᠵᠢ᠂ ᠵᠢᠶᠠᠩᠰᠤ ᠮᠤᠵᠢ ᠬᠤᠲᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠦᠢᠯᠡᠴᠢᠯᠡᠭᠡ ᠶᠢᠨ ᠲᠠᠪᠴᠠᠩ ᠪᠣᠯᠣᠨ ᠬᠤᠲᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠥᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ︽ᠵᠧᠵᠢᠶᠠᠩ ᠤᠨ ᠵᠠᠭᠪᠤᠷ︾ ︽ᠵᠢᠶᠠᠩᠰᠤ ᠶᠢᠨ ᠵᠠᠭᠪᠤᠷ︾ ᠢ ᠪᠣᠶ ᠪᠣᠯᠭᠠᠵᠤ᠂ ᠮᠠᠰᠢ ᠣᠯᠠᠨ ᠲᠤᠷᠰᠢᠯᠭ᠎ᠠ ᠶᠢ ᠰᠤᠷᠤᠯᠴᠠᠭᠤᠰᠢᠲᠠᠶ ᠶᠤᠮ᠃ ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠲᠡᠷᠢᠭᠦᠨ ᠤ ᠬᠢ ᠲᠠᠢ ᠬᠠᠷᠢᠴᠠᠭᠤᠯᠵᠤ᠂ ᠮᠠᠨ ᠤ ᠣᠷᠣᠨ ᠤ ᠪᠣᠳᠠᠲᠠᠢ ᠳᠤ ᠨᠡᠶᠢᠴᠡᠬᠦ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠦᠨᠡᠨ ᠬᠦ ᠮᠠᠨ ᠤ ᠣᠷᠣᠨ ᠤ ᠬᠤᠲᠠ ᠶᠢᠨ ᠲᠡᠭᠡᠭᠡᠪᠦᠷᠢ  ᠶᠢᠨ ᠬᠠᠮᠢᠶᠠᠷᠤᠯᠲᠠ ᠦᠢᠯᠡᠴᠢᠯᠡᠭᠡ ᠶᠢᠨ ᠲᠠᠪᠴᠠᠩ ᠪᠣᠯᠣᠨ ᠬᠤᠲᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠰᠢᠨ᠎ᠡ ᠰᠡᠳᠭᠢᠮᠵᠢ᠂ ᠰᠢᠨ᠎ᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠤᠭᠳᠠᠯ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ᠂ ᠬᠥᠬᠡᠬᠤᠲᠠ᠂ ᠪᠤᠭᠤᠲᠤ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠰᠤᠷᠤᠯᠴᠠᠯᠭ᠎ᠠ ᠳᠤ ᠣᠷᠣᠯᠴᠠᠪᠠ᠃ 
ᠢᠷᠡᠯᠲᠡ᠄ ᠬᠤᠲᠠ ᠶᠢᠨ ᠬᠠᠮᠢᠶᠠᠷᠤᠯᠲᠠ ᠶᠢᠨ ᠭᠠᠵᠠᠷ
Baidu
map