【 ᠵᠠᠰᠠᠭ ᠵᠠᠬᠢᠷᠭᠠᠨ ᠤ ᠬᠢᠨᠠᠨ ᠵᠥᠪᠰᠢᠶᠠᠷᠠᠯ ᠤᠨ ᠵᠥᠪᠯᠠᠯᠭᠡ ᠥᠭᠬᠦ ᠦᠢᠯᠡᠴᠢᠯᠡᠭᠡ 】 ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠳᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠬᠡᠷᠬᠢᠨ ᠭᠦᠢᠴᠡᠳᠭᠡᠬᠦ ᠪᠣᠢ — ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠬᠠᠷᠢᠭᠤᠯᠲᠠ ︵2023 ᠣᠨ ᠤ ᠠᠷᠪᠠᠨ ᠲᠠᠪᠤᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2023/12/7
    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠬᠡᠷᠬᠢᠨ ᠭᠦᠢᠴᠡᠳᠬᠡᠬᠦ ᠪᠣᠢ︖    2023 ᠣᠨ ᠤ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠬᠢᠯᠡᠨ ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠤᠷᠰᠢᠯᠲᠠ ᠶᠢᠨ ᠴᠡᠭ ᠤᠨ ᠬᠢᠷᠢ ᠬᠡᠮ ᠤᠨ ᠭᠤᠶᠤᠴᠢᠯᠠᠬᠤ ᠵᠦᠢᠯᠡᠰ ᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠂ ᠲᠤᠷᠰᠢᠯᠲᠠ ᠶᠢᠨ ᠴᠡᠭ ᠤᠨ ᠬᠢᠷᠢ ᠬᠡᠮ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠭᠥᠯᠢᠶᠡᠨ ᠠᠪᠴᠤ ᠬᠢᠨᠠᠨ ᠵᠥᠪᠰᠢᠶᠡᠷᠡᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠢᠨᠠᠨ ᠣᠯᠭᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠪᠠ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠣᠯᠭᠤᠬᠤ ᠲᠤᠷᠰᠢᠯᠲᠠ ᠶᠢᠨ ᠴᠡᠭ ᠤᠨ ᠬᠢᠷᠢ ᠬᠡᠮ ᠲᠠᠢ ᠠᠵᠤ ᠠᠬᠤᠶᠢᠯᠠᠯ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠰᠦᠯᠵᠢᠶ᠎ᠡ ᠪᠠᠷ ᠳᠠᠮᠵᠢᠭᠤᠯᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠣᠯᠣᠨ᠎ᠠ᠃    ᠨᠢᠭᠡ᠂ ᠠᠵᠤ ᠠᠬᠤᠶᠢᠯᠠᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠳᠤ ᠮᠡᠳᠡᠭᠦᠯᠬᠦ ᠬᠢᠷᠢ ᠬᠡᠮ ᠤᠨ ᠠᠵᠢᠯᠯᠠᠭᠠᠨ ᠤ ᠶᠠᠪᠤᠴᠠ    ᠨᠢᠭᠡᠳᠦᠭᠡᠷ ᠠᠯᠬᠤᠮ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠰᠦᠯᠵᠢᠶ᠎ᠡ https://www.mohurd.gov.cn /  ᠪᠠᠷ ᠨᠡᠪᠲᠡᠷᠡᠨ᠎ᠡ    ᠬᠤᠶᠠᠳᠤᠭᠠᠷ ᠠᠯᠬᠤᠮ᠄ ᠲᠦᠷᠦᠭᠦᠤ ᠨᠢᠭᠤᠷ ᠤᠨ ᠳᠤᠮᠳᠠ ᠬᠡᠰᠡᠭ ᠤᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠤᠯᠤᠩ︾ ᠢ ᠡᠷᠢᠨ ᠣᠯᠵᠤ᠂ ︽ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ︾ ᠢ ᠳᠣᠶ᠋ᠢᠨ᠎ᠠ    ᠭᠤᠷᠪᠠᠳᠤᠭᠠᠷ ᠠᠯᠬᠤᠮ᠄ ︽ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ︾ ᠤᠨ ᠪᠤᠯᠤᠩ ᠳᠤ ᠭᠤᠶᠤᠴᠢᠯᠠᠨ ᠮᠡᠳᠡᠭᠦᠯᠬᠦ ᠬᠢᠷᠢ ᠬᠡᠮ ᠤᠨ ᠲᠥᠷᠥᠯ ᠬᠡᠯᠪᠡᠷᠢ ᠶᠢ ᠰᠣᠩᠭᠤᠵᠤ᠂ ᠪᠠᠭᠤᠯᠭᠠᠬᠤ ᠲᠣᠪᠶᠤᠭ ᠤᠨ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠳᠣᠲᠣᠯᠠᠨ᠎ᠠ᠃    ᠳᠥᠷᠪᠡᠳᠦᠭᠡᠷ ᠠᠯᠬᠤᠮ᠄ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠳᠠᠩᠰᠠᠯᠠᠬᠤ ᠰᠢᠰᠲ᠋ᠧᠮ ᠢ ᠰᠢᠰᠲ᠋ᠧᠮ ᠤᠨ ᠰᠠᠨᠠᠭᠤᠯᠤᠮᠵᠢ ᠶᠣᠰᠣᠭᠠᠷ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠦᠨ᠎ᠡ᠃ᠠᠩᠬᠠᠷᠬᠤ ᠨᠢ᠄ ᠠᠵᠤ ᠠᠬᠤᠶᠢᠯᠠᠯ ᠮᠡᠳᠡᠭᠦᠯᠬᠦ ᠠᠴᠠ ᠡᠮᠦᠨ᠎ᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠶᠢᠨ ᠠᠵᠢᠯᠯᠠᠬᠤ ᠭᠠᠷ ᠳᠡᠪᠲᠡᠷ ᠢ ᠥᠪᠡᠷᠳᠡᠭᠡᠨ ᠪᠠᠭᠤᠯᠭᠠᠨ ᠠᠪᠴᠤ ᠪᠣᠯᠤᠨ᠎ᠠ᠂ ᠪᠠᠭᠤᠯᠭᠠᠵᠤ ᠠᠪᠬᠤ ᠬᠠᠶ᠋ᠢᠭ ᠨᠢ ᠳᠣᠤᠷᠠᠬᠢ ᠮᠡᠲᠦ᠄http://zwfw.mohurd.gov.cn:8070/zjblogincheck/qjd/detail?guid=0cde5217-96de-4771-b947-59bb25619fa0    ᠬᠤᠶᠠᠷ᠂ ᠲᠤᠷᠰᠢᠯᠲᠠ ᠶᠢᠨ ᠴᠡᠭ ᠤᠨ ᠬᠢᠷᠢ ᠬᠡᠮ ᠤᠨ ᠦᠨᠡᠮᠯᠡᠯ ᠲᠠᠢ ᠠᠵᠤ ᠠᠬᠤᠶᠢᠯᠠᠯ ᠨᠢ ᠬᠠᠮᠢᠶ᠎ᠠ ᠪᠥᠬᠦᠶ ᠬᠢᠷᠢ ᠬᠡᠮ ᠤᠨ ᠦᠨᠡᠮᠯᠡᠯ ᠢᠶᠠᠨ ᠬᠤᠪᠢᠷᠠᠭᠤᠯᠬᠤ ᠵᠢᠴᠢ ᠬᠢᠷᠢ ᠬᠡᠮ ᠤᠨ ᠵᠥᠪᠰᠢᠶᠡᠷᠡᠯ ᠤᠨ ᠵᠦᠢᠯᠡᠰ ᠢ ᠬᠡᠷᠬᠢᠨ ᠭᠦᠢᠴᠡᠳᠬᠡᠬᠦ ᠪᠣᠶ︖ᠮᠤᠵᠢ ᠶᠢᠨ ᠱᠠᠲᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠷᠰᠢᠯᠲᠠ ᠶᠢᠨ ᠴᠡᠭ ᠤᠨ ᠬᠤᠭᠤᠴᠠᠭᠠᠨ ᠳᠤ ᠣᠯᠭᠤᠭᠰᠠᠨ ᠲᠤᠷᠰᠢᠯᠲᠠ ᠶᠢᠨ ᠴᠡᠭ ᠤᠨ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠲᠤᠯᠬᠤ ᠠᠴᠠ ᠡᠮᠦᠨ᠎ᠡ ᠪᠣᠯᠲᠠᠯ᠎ᠠ ᠦᠷᠭᠦᠯᠵᠢᠯᠡᠨ ᠬᠦᠴᠦᠨ ᠲᠠᠢ᠃ ᠠᠵᠤ ᠠᠬᠤᠶᠢᠯᠠᠯ ᠬᠢᠷᠢ ᠬᠡᠮ ᠤᠨ ᠦᠨᠡᠮᠯᠡᠯ ᠢᠶᠠᠨ ᠬᠤᠪᠢᠷᠠᠭᠤᠯᠬᠤ᠂ ᠬᠦᠴᠦᠨ ᠥᠬᠡᠶ ᠪᠣᠯᠭᠠᠬᠤ᠂ ᠭᠡᠭᠡᠭᠰᠡᠨ ᠪᠣᠯ ᠦᠨᠡᠮᠯᠡᠯ ᠣᠯᠭᠤᠭᠰᠠᠨ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠦᠢᠴᠡᠳᠬᠡᠨ᠎ᠡ᠃    ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠲᠠᠰ ᠳᠡᠪᠰᠢᠬᠦ ᠶᠢ ᠭᠤᠶᠤᠴᠢᠯᠠᠬᠤ ︵ᠰᠢᠨ᠎ᠡ ᠭᠤᠶᠤᠴᠢᠯᠠᠯ ᠢ ᠪᠠᠭᠲᠠᠭᠠᠨ᠎ᠠ︶᠂ ᠲᠥᠷᠥᠯ ᠵᠦᠢᠯ ᠨᠡᠮᠡᠵᠦ᠂ ᠦᠷᠭᠦᠯᠵᠢᠯᠡᠭᠦᠯᠬᠦ ᠵᠢᠴᠢ ᠳᠠᠬᠢᠨ ᠵᠣᠬᠢᠶᠠᠨ ᠪᠠᠶᠢᠭᠤᠯᠵᠤ ᠰᠠᠯᠭᠠᠬᠤ᠂ ᠨᠡᠶᠢᠯᠡᠭᠦᠯᠬᠦ᠂ ᠮᠤᠵᠢ ᠠᠯᠤᠰᠯᠠᠨ ᠬᠤᠪᠢᠷᠠᠭᠤᠯᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠦᠷᠢᠮ ᠢ ᠥᠭᠡᠷᠡᠴᠢᠯᠡᠬᠦ ︵ᠠᠵᠢᠯ ᠦᠢᠯᠡᠰ ᠤᠨ ᠨᠢᠭᠡᠴᠢ ᠶᠢᠨ ᠲᠦᠷᠢᠮ ᠢ ᠥᠭᠡᠷᠡᠴᠢᠯᠡᠬᠦ ᠶᠢ ᠪᠠᠭᠲᠠᠭᠠᠨ᠎ᠠ︶ ᠶᠢᠨ ᠬᠢᠷᠢ ᠬᠡᠮ ᠢ ᠳᠠᠬᠢᠨ ᠰᠢᠨ᠎ᠡ ᠪᠠᠷ ᠬᠠᠷᠭᠤᠭᠤᠯᠤᠨ ᠲᠣᠭᠲᠠᠭᠠᠭᠰᠠᠨ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠰᠢᠢᠳᠪᠦᠷᠢᠯᠡᠨ᠎ᠡ᠃ ᠳᠡᠭᠡᠷ᠎ᠡ ᠳᠤᠷᠠᠳᠤᠭᠰᠠᠨ ᠵᠦᠢᠯᠡᠰ ᠢ ᠭᠤᠶᠤᠴᠢᠯᠠᠬᠤ ᠠᠴᠠ ᠡᠮᠦᠨ᠎ᠡ᠂ ᠤᠤᠯ ᠤᠨ ᠦᠨᠡᠮᠯᠡᠯ ᠣᠯᠭᠤᠭᠰᠠᠨ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠤᠨ ᠬᠢᠷᠢ ᠬᠡᠮ ᠢ ᠬᠠᠷᠭᠤᠭᠤᠯᠤᠨ ᠪᠠᠶᠢᠴᠠᠭᠠᠭᠰᠠᠨ ᠰᠠᠨᠠᠯ ᠢ ᠭᠠᠷᠭᠠᠬᠤ ᠬᠡᠷᠡᠭᠲᠡᠶ᠃    ᠭᠤᠷᠪᠠ᠂ ᠠᠵᠤ ᠠᠬᠤᠶᠢᠯᠠᠯ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠢᠨᠠᠨ ᠣᠯᠭᠤᠭᠰᠠᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠢᠨᠠᠨ ᠣᠯᠭᠤᠭᠰᠠᠨ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠪᠠᠭᠲᠠᠭᠠᠨ᠎ᠠ︶ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠤᠳᠠᠯ ᠦᠭᠡᠢ ᠲᠤᠯᠬᠤ ᠪᠣᠯᠣᠨ᠎ᠠ᠂ ᠬᠤᠭᠤᠴᠠᠭᠠᠨ ᠤ ᠤᠷᠳᠤᠳᠬᠠᠯ ᠢ ᠬᠡᠷᠬᠢᠨ ᠭᠦᠢᠴᠡᠳᠬᠡᠬᠦ ᠪᠣᠢ︖    1. ᠠᠵᠤ ᠠᠬᠤᠶᠢᠯᠠᠯ ᠳᠠᠩᠰᠠᠯᠠᠭᠤᠯᠬᠤ ᠶᠢᠨ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠫᠤᠷᠲ᠋ᠧᠯ ᠰᠦᠯᠵᠢᠶᠡᠨ ᠤ ᠬᠠᠤᠯᠢ ᠶᠢᠨ ᠡᠷᠬᠡᠲᠡᠨ ᠤ ᠬᠡᠷᠡᠭᠯᠡᠭᠴᠢ ᠶᠢᠨ ᠲᠠᠩᠰᠠᠨ ᠨᠣᠮᠧᠷ ᠢᠶᠠᠷ ᠨᠡᠪᠲᠡᠷᠡᠵᠦ᠂ ︽ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ︾ ᠲᠤ ᠵᠣᠬᠢᠬᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ︵ᠦᠷᠭᠦᠯᠵᠢᠯᠡᠭᠦᠯᠬᠦ︶ ᠵᠦᠢᠯᠡᠰ ᠢ ᠰᠣᠩᠭᠤᠨ ᠰᠦᠯᠵᠢᠶᠡᠨ ᠳᠡᠭᠡᠷ᠎ᠡ ᠭᠦᠢᠴᠡᠳᠬᠡᠨ᠎ᠡ ︵ᠲᠣᠰ ᠪᠢᠴᠢᠭ ᠤᠨ ᠨᠢᠭᠡᠳᠦᠭᠡᠷ ᠵᠤᠷᠪᠤᠰ ᠢᠶᠠᠷ ᠯᠠᠪᠯᠠᠯᠲᠠ ᠪᠣᠯᠭᠠᠨ᠎ᠠ︶᠃    2. ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠳᠤ ᠬᠢᠨᠠᠨ ᠣᠯᠭᠤᠭᠰᠠᠨ ᠬᠢᠷᠢ ᠬᠡᠮ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠬᠤ ᠲᠤᠷᠰᠢᠯᠲᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠬᠢᠨᠠᠨ ᠣᠯᠭᠤᠬᠤ ᠲᠤᠷᠰᠢᠯᠲᠠ ᠶᠢᠨ ᠴᠡᠭ ᠤᠨ ᠬᠢᠷᠢ ᠬᠡᠮ᠂ ᠠᠵᠤ ᠠᠬᠤᠶᠢᠯᠠᠯ ᠰᠢᠭᠤᠳ ᠦᠨᠡᠮᠯᠡᠯ ᠰᠣᠯᠢᠬᠤ ᠪᠤᠶᠤ ᠳᠥᠭᠦᠮᠬᠡᠨ ᠢᠶᠠᠷ ᠬᠤᠪᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠤᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠢᠷᠢ ᠬᠡᠮ ᠤᠨ ᠦᠨᠡᠮᠯᠡᠯ ᠢ ᠬᠢᠨᠠᠨ ᠣᠯᠭᠤᠵᠤ ᠥᠪᠡᠷᠲᠡᠭᠡᠨ ᠵᠠᠰᠠᠬᠤ ᠣᠷᠣᠨ ᠤ ᠬᠢᠷᠢ ᠬᠡᠮ ᠤᠨ ᠦᠨᠡᠮᠯᠡᠯ ᠤᠨ ᠬᠢᠷᠢ ᠬᠡᠮ ᠳᠤ ᠰᠣᠯᠢᠵᠤ ᠣᠯᠭᠤᠬᠤ ᠵᠡᠷᠭᠡ ᠶᠢ ᠪᠠᠭᠲᠠᠭᠠᠨ᠎ᠠ᠃ ᠳᠡᠭᠡᠷ᠎ᠡ ᠳᠤᠷᠠᠳᠤᠭᠰᠠᠨ ᠬᠢᠷᠢ ᠬᠡᠮ ᠨᠢ ᠲᠣᠭᠲᠠᠭᠰᠠᠨ ᠬᠤᠭᠤᠴᠠᠭᠠᠨ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠬᠢᠷᠢ ᠬᠡᠮ ᠤᠨ ᠦᠷᠭᠦᠯᠵᠢᠯᠡᠭᠦᠯᠬᠦ ᠭᠤᠶᠤᠴᠢᠯᠠᠯ ᠭᠠᠷᠭᠠᠬᠤ ᠬᠡᠷᠡᠭᠲᠡᠶ᠃    3. ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠳᠣᠷᠣᠭᠰᠢ ᠪᠠᠭᠤᠯᠭᠠᠬᠤ ᠲᠤᠷᠰᠢᠯᠲᠠ ᠶᠢᠨ ᠬᠤᠭᠤᠴᠠᠭᠠᠨ ᠳᠤ ᠬᠠᠷᠭᠤᠭᠤᠯᠤᠨ ᠣᠯᠭᠤᠭᠰᠠᠨ ᠬᠢᠷᠢ ᠬᠡᠮ ᠤᠨ ᠦᠨᠡᠮᠯᠡᠯ ︵ᠲᠠᠰ ᠳᠡᠪᠰᠢᠭᠦᠯᠬᠦ᠂ ᠲᠥᠷᠥᠯ ᠵᠦᠢᠯ ᠨᠡᠮᠡᠬᠦ᠂ ᠦᠨᠡᠮᠯᠡᠯ ᠰᠣᠯᠢᠬᠤ᠂ ᠳᠥᠭᠦᠮᠬᠡᠨ ᠢᠶᠠᠷ ᠬᠤᠪᠢᠷᠠᠭᠤᠯᠬᠤ᠂ ᠳᠠᠬᠢᠨ ᠬᠢᠨᠠᠨ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠣᠯᠤᠭᠰᠠᠨ ᠲᠤᠷᠰᠢᠯᠲᠠ ᠶᠢᠨ ᠴᠡᠭ ᠤᠨ ᠬᠢᠷᠢ ᠴᠢᠳᠠᠮᠵᠢ ᠶᠢᠨ ᠦᠨᠡᠮᠯᠡᠯ︶ ᠤᠨ ᠬᠦᠴᠦᠨ ᠲᠠᠢ ᠬᠤᠭᠤᠴᠠᠭ᠎ᠠ ᠳᠠᠭᠤᠰᠬᠤ ᠠᠴᠠ ᠡᠮᠦᠨ᠎ᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠳᠤ ᠬᠢᠷᠢ ᠬᠡᠮ ᠢ ᠦᠷᠭᠦᠯᠵᠢᠯᠡᠭᠦᠯᠬᠦ ᠪᠠᠷ ᠭᠤᠶᠤᠴᠢᠯᠠᠬᠤ ᠬᠡᠷᠡᠭᠲᠡᠶ᠂ ᠦᠷᠭᠦᠯᠵᠢᠯᠡᠬᠦ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ ᠠᠵᠤ ᠠᠬᠤᠶᠢᠯᠠᠯ ᠤᠨ ᠬᠢᠷᠢ ᠬᠡᠮ ᠢ ᠬᠠᠷᠭᠤᠭᠤᠯᠤᠨ ᠪᠠᠶᠢᠴᠠᠭᠠᠭᠰᠠᠨ ᠰᠠᠨᠠᠯ ᠭᠠᠷᠭᠠᠬᠤ ᠬᠡᠷᠡᠭᠲᠡᠶ᠃    ᠳᠥᠷᠪᠡ᠂ ᠠᠵᠤ ᠠᠬᠤᠶᠢᠯᠠᠯ ︽ᠠᠵᠤ ᠠᠬᠤᠶᠢᠯᠠᠯ ᠤᠨ ᠬᠢᠷᠢ ᠬᠡᠮ ᠢ ᠬᠠᠷᠭᠤᠭᠤᠯᠤᠨ ᠪᠠᠶᠢᠴᠠᠭᠠᠬᠤ ᠰᠠᠨᠠᠯ︾ ᠢ ᠬᠡᠷᠬᠢᠨ ᠣᠯᠬᠤ ᠪᠣᠶ︖    ᠨᠢᠭᠡᠳᠦᠭᠡᠷ ᠠᠯᠬᠤᠮ᠄ ᠠᠵᠤ ᠠᠬᠤᠶᠢᠯᠠᠯ ᠠᠴᠠ ︽︿ᠠᠵᠤ ᠠᠬᠤᠶᠢᠯᠠᠯ ᠤᠨ ᠬᠢᠷᠢ ᠬᠡᠮ ᠢ ᠬᠠᠷᠭᠤᠭᠤᠯᠤᠨ ᠪᠠᠶᠢᠴᠠᠭᠠᠭᠰᠠᠨ ᠰᠠᠨᠠᠯ﹀ ᠭᠠᠷᠭᠠᠬᠤ ᠲᠤᠬᠠᠶ ᠭᠤᠶᠤᠴᠢᠯᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠤ ᠰᠦᠯᠵᠢᠶ᠎ᠡ — ᠲᠤᠰᠬᠠᠶ ᠪᠤᠯᠤᠩ — ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠲᠤᠰᠬᠠᠶ ᠪᠤᠯᠤᠩ — ᠥᠯᠢᠭᠡᠷ ᠬᠦᠰᠦᠨᠦᠭ ᠢ ᠪᠠᠭᠤᠯᠭᠠᠬᠤ︶ ᠢ ᠲᠠᠭᠯᠠᠨ᠎ᠠ᠃ ᠭᠤᠶᠤᠴᠢᠯᠠᠬᠤ ᠬᠡᠯᠪᠡᠷᠢ ᠨᠢ ᠪᠠᠷᠠᠭᠤᠨ ᠵᠢᠷᠤᠭ ᠮᠡᠲᠦ᠃    ᠬᠤᠶᠠᠳᠤᠭᠠᠷ ᠠᠯᠬᠤᠮ᠄ ︽ᠠᠵᠤ ᠠᠬᠤᠶᠢᠯᠠᠯ ᠤᠨ ᠬᠢᠷᠢ ᠬᠡᠮ ᠢ ᠬᠠᠷᠭᠤᠭᠤᠯᠤᠨ ᠪᠠᠶᠢᠴᠠᠭᠠᠭᠰᠠᠨ ᠰᠠᠨᠠᠯ ᠤᠨ ᠭᠤᠶᠤᠴᠢᠯᠠᠯ︾ ᠤᠨ ᠣᠭ ᠮᠠᠲ᠋ᠧᠷᠢᠶᠠᠯ ᠤᠨ ᠰᠢᠷᠪᠢᠯᠲᠡ ᠶᠢᠨ ᠵᠦᠢᠯ ︵PDF ᠬᠡᠪᠯᠡᠯ︶ ᠢ nmgzjthecha@163.com  ᠳᠤ ᠶᠠᠪᠤᠭᠤᠯᠤᠭᠠᠷᠠᠢ᠃ ᠢᠮᠧᠯ  ᠤᠨ ᠭᠠᠷᠴᠠᠭ ᠤᠨ ᠲᠣᠳᠣᠷᠬᠠᠢᠯᠠᠯᠲᠠ᠄ XX ᠠᠵᠤ ᠠᠬᠤᠶᠢᠯᠠᠯ ᠨᠢ ︽ᠠᠵᠤ ᠠᠬᠤᠢᠯᠠᠯ ᠤᠨ ᠬᠢᠷᠢ ᠭᠡᠮ ᠢ ᠬᠢᠨᠠᠨ ᠪᠠᠢᠴᠠᠭᠠᠬᠤ ᠰᠠᠨᠠᠯ︾ ᠢ ᠣᠯᠬᠤ ᠪᠠᠷ ᠭᠤᠶᠤᠴᠢᠯᠠᠪᠠ᠃    ᠭᠤᠷᠪᠠᠳᠤᠭᠠᠷ ᠠᠯᠬᠤᠮ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠢᠷᠢ ᠬᠡᠮ ᠢ ᠬᠠᠷᠭᠤᠭᠤᠯᠤᠨ ᠪᠠᠶᠢᠴᠠᠭᠠᠵᠤ ︽ᠠᠵᠤ ᠠᠬᠤᠶᠢᠯᠠᠯ ᠤᠨ ᠬᠢᠷᠢ ᠬᠡᠮ ᠢ ᠬᠠᠷᠭᠤᠭᠤᠯᠤᠨ ᠪᠠᠶᠢᠴᠠᠭᠠᠭᠰᠠᠨ ᠰᠠᠨᠠᠯ︾ ᠢ ᠭᠠᠷᠭᠠᠬᠤ ᠶᠢᠨ ᠬᠠᠮᠲᠤ ᠰᠢᠷᠪᠢᠯᠲᠡ ᠶᠢᠨ ᠮᠠᠲ᠋ᠧᠷᠢᠶᠠᠯ ᠢ ᠢᠮᠧᠯ ᠢᠶᠠᠷ ᠳᠠᠮᠵᠢᠭᠤᠯᠤᠨ ᠠᠵᠤ ᠠᠬᠤᠶᠢᠯᠠᠯ ᠳᠤ ᠢᠯᠡᠭᠡᠨ᠎ᠡ᠃    ᠠᠩᠬᠠᠷᠬᠤ ᠵᠦᠢᠯ᠄    1. ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠲᠤᠯᠪᠠᠯ ᠂ ᠠᠵᠤ ᠠᠬᠤᠶᠢᠯᠠᠯ ᠨᠢ 2023 ᠣᠨ ᠤ 12 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ ︽ᠠᠵᠤ ᠠᠬᠤᠶᠢᠯᠠᠯ ᠤᠨ ᠬᠢᠷᠢ ᠬᠡᠮ ᠢ ᠬᠠᠷᠭᠤᠭᠤᠯᠤᠨ ᠪᠠᠶᠢᠴᠠᠭᠠᠬᠤ ᠰᠠᠨᠠᠯ︾ ᠢ ᠭᠤᠶᠤᠴᠢᠯᠠᠬᠤ ᠪᠠᠷ ᠳᠤᠷᠠᠳᠬᠤ ᠬᠡᠷᠡᠭᠲᠡᠶ᠃    2. ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠲᠤᠯᠪᠠᠯ ᠂ ᠠᠵᠤ ᠠᠬᠤᠶᠢᠯᠠᠯ ᠨᠢ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠲᠤᠯᠬᠤ ᠠᠴᠠ ᠡᠮᠦᠨ᠎ᠡ 60 ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ ︽ᠠᠵᠤ ᠠᠬᠤᠶᠢᠯᠠᠯ ᠤᠨ ᠬᠢᠷᠢ ᠬᠡᠮ ᠢ ᠬᠠᠷᠭᠤᠭᠤᠯᠤᠨ ᠪᠠᠶᠢᠴᠠᠭᠠᠬᠤ ᠰᠠᠨᠠᠯ︾ ᠢ ᠭᠤᠶᠤᠴᠢᠯᠠᠬᠤ ᠪᠠᠷ ᠳᠤᠷᠠᠳᠬᠤ ᠬᠡᠷᠡᠭᠲᠡᠶ᠃    ᠲᠠᠪᠤ᠂ ᠲᠤᠷᠰᠢᠯᠲᠠ ᠶᠢᠨ ᠴᠡᠭ ᠤᠨ ᠬᠢᠷᠢ ᠭᠡᠮ ᠤᠨ ᠲᠥᠷᠥᠯ ᠵᠦᠢᠯ    ︵ᠨᠢᠭᠡ︶ ᠬᠠᠶᠢᠨ ᠪᠠᠶᠢᠴᠠᠭᠠᠬᠤ ᠬᠢᠷᠢ ᠭᠡᠮᠴᠢᠯᠠᠭᠤᠯᠢᠭ ᠰᠢᠷᠣᠶ ᠶᠢᠨ ᠪᠠᠷᠢᠯᠭ᠎ᠠ᠂ ᠴᠢᠯᠠᠭᠤᠯᠢᠭ ᠰᠢᠷᠣᠶ ᠶᠢᠨ ᠪᠠᠷᠢᠯᠭ᠎ᠠ ᠶᠢᠨ ᠬᠠᠶᠢᠨ ᠪᠠᠶᠢᠴᠠᠭᠠᠯᠲᠠ ︵ᠲᠥᠷᠥᠯ ᠬᠤᠪᠢᠶᠠᠭᠰᠠᠨ ᠨᠢᠭᠡᠴᠢ︶᠂ ᠴᠢᠯᠠᠭᠤᠯᠢᠭ ᠰᠢᠷᠣᠶ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ︵ᠲᠥᠷᠥᠯ ᠬᠤᠪᠢᠶᠠᠭᠰᠠᠨ ᠵᠦᠢᠯ︶᠂ ᠴᠢᠯᠠᠭᠤᠯᠢᠭ ᠰᠢᠷᠣᠶ ᠶᠢᠨ ᠪᠠᠷᠢᠯᠭ᠎ᠠ ᠶᠢᠨ ᠹᠢᠽᠢᠺ ᠤᠨ ᠰᠢᠯᠭᠠᠨ ᠪᠠᠶᠢᠴᠠᠭᠠᠯᠲᠠ ᠬᠢᠨᠠᠨ ᠬᠡᠮᠵᠢᠯᠲᠡ ︵ᠲᠥᠷᠥᠯ ᠬᠤᠪᠢᠶᠠᠭᠰᠠᠨ ᠵᠦᠢᠯ︶᠂ ᠤᠰᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠪᠠᠷᠢᠯᠭ᠎ᠠ ᠶᠢᠨ ᠬᠡᠮᠵᠢᠯᠲᠡ ᠶᠢᠨ ᠲᠤᠰᠬᠠᠶ ᠮᠡᠷᠭᠡᠵᠢᠯ ᠤᠨ ᠬᠥᠬᠡ ᠲᠠᠰ ᠤᠨ ᠬᠢᠷᠢ ᠬᠡᠮ᠃    ︵ᠬᠤᠶᠠᠷ︶ ᠵᠢᠷᠤᠭ ᠲᠦᠯᠦᠪᠯᠡᠭᠡᠨ ᠤ ᠬᠢᠷᠢ ᠭᠡᠮ    1. ᠪᠠᠷᠢᠯᠭ᠎ᠠ᠂ ᠬᠤᠳᠠ ᠶᠢᠨ ᠶᠠᠪᠤᠳᠠᠯ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ ᠶᠢᠨ ᠡᠮ ᠡᠮᠨᠡᠯᠭᠡ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ︵ᠳᠠᠯᠠᠢ ᠲᠠᠩᠭᠢᠰ ᠤᠨ ᠴᠢᠯᠠᠭᠤᠨ ᠲᠣᠰᠣ︶᠂ ᠴᠠᠬᠢᠯᠭᠠᠨ ᠬᠦᠴᠦ᠂ ᠲᠡᠮᠦᠷᠯᠢᠭ ᠪᠣᠯᠪᠠᠰᠤᠷᠠᠭᠤᠯᠬᠤ᠂ ᠴᠡᠷᠢᠭ ᠤᠨ ᠠᠵᠤ ᠦᠢᠯᠡᠳᠪᠦᠷᠢ᠂ ᠮᠧᠬᠠᠨᠢᠭ᠂ ᠬᠤᠳᠠᠯᠳᠤᠭᠠᠨ ᠤ ᠠᠮᠤ ᠪᠤᠳᠠᠭ᠎ᠠ᠂ ᠴᠥᠮ᠎ᠡ ᠶᠢᠨ ᠠᠵᠤ ᠦᠢᠯᠡᠳᠪᠦᠷᠢ᠂ ᠬᠥᠩᠭᠡᠨ ᠨᠡᠬᠡᠮᠡᠯ᠂ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠤᠢ ᠰᠢᠭᠤᠶ ᠶᠢᠨ ᠠᠵᠢᠯ ᠲᠦᠷᠦᠯ ᠵᠢᠴᠢ ᠲᠤᠰᠬᠠᠢ ᠮᠡᠷᠭᠡᠵᠢᠯ ᠤᠨ ᠵᠢᠷᠤᠭ ᠲᠥᠯᠥᠪᠯᠡᠭᠡ ᠶᠢᠨ ᠬᠥᠬᠡ ᠲᠡᠰ ᠤᠨ ᠬᠢᠷᠢ ᠬᠡᠮ᠃    2. ᠪᠠᠷᠢᠯᠭ᠎ᠠ ᠶᠢᠨ ᠠᠵᠢᠯ ᠤᠨ ᠬᠡᠷᠡᠭ ᠡᠷᠬᠢᠯᠡᠬᠦ ᠭᠠᠵᠠᠷ ᠤᠨ ᠬᠢᠷᠢ ᠭᠡᠮ᠃    3. ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠤᠰᠬᠠᠶ ᠲᠥᠷᠥᠯ ᠤᠨ ᠬᠥᠬᠡ ᠲᠠᠰ ᠤᠨ ᠬᠢᠷᠢ ᠬᠡᠮ    ︵ᠭᠤᠷᠪᠠ︶ ᠪᠠᠷᠢᠯᠭ᠎ᠠ ᠶᠢᠨ ᠠᠵᠢᠯ ᠤᠨ ᠬᠢᠷᠢ ᠬᠡᠮ    1. ᠪᠠᠷᠢᠯᠭ᠎ᠠ ᠶᠢᠨ ᠢᠨᠵᠧᠨᠧᠷᠢᠩ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ᠂ ᠴᠠᠬᠢᠯᠭᠠᠨ ᠬᠦᠴᠦᠨ ᠤ ᠢᠨᠵᠧᠨᠧᠷᠢᠩ᠂ ᠠᠭᠤᠷᠬᠠᠶ ᠶᠢᠨ ᠢᠨᠵᠧᠨᠧᠷᠢᠩ᠂ ᠲᠡᠮᠦᠷᠯᠢᠭ ᠬᠠᠶᠢᠯᠤᠭᠤᠯᠬᠤ ᠢᠨᠵᠧᠨᠧᠷᠢᠩ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠢᠨᠵᠧᠨᠧᠷᠢᠩ᠂ ᠮᠠᠰᠢᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ ᠨᠢᠭᠡᠳᠦᠭᠡᠷ ᠲᠠᠰ ᠤᠨ ᠬᠢᠷᠢ ᠬᠡᠮ᠃    2. ᠬᠥᠭᠦᠷᠭᠡ ᠶᠢᠨ ᠢᠨᠵᠧᠨᠧᠷᠢᠩ᠂ ᠨᠦᠬᠡᠨ ᠵᠠᠮ ᠤᠨ ᠢᠨᠵᠧᠨᠧᠷᠢᠩ᠂ ᠴᠥᠮ᠎ᠡ ᠶᠢᠨ ᠢᠨᠵᠧᠨᠧᠷᠢᠩ᠂ ᠳᠠᠯᠠᠶ ᠲᠠᠩᠭᠢᠰ ᠤᠨ ᠴᠢᠯᠠᠭᠤᠨ ᠲᠣᠰᠣᠨ ᠤ ᠢᠨᠵᠧᠨᠧᠷᠢᠩ᠂ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ᠂ ᠪᠣᠯᠣᠳ ᠪᠦᠲᠦᠴᠡ ᠶᠢᠨ ᠢᠨᠵᠧᠨᠧᠷᠢᠩ ᠤᠨ ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠨᠢᠭᠡᠳᠦᠭᠡᠷ ᠲᠠᠰ ᠤᠨ ᠬᠢᠷᠢ ᠬᠡᠮ᠃    ︵ᠭᠤᠷᠪᠠ︶ ᠬᠢᠨᠠᠨ ᠬᠠᠮᠢᠶᠠᠷᠬᠤ ᠬᠢᠷᠢ ᠭᠡᠮᠭᠡᠷ ᠪᠠᠶᠢᠰᠢᠩ ᠤᠨ ᠪᠠᠷᠢᠯᠭ᠎ᠠ ᠶᠢᠨ ᠢᠨᠵᠧᠨᠧᠷᠢᠩ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ᠂ ᠴᠠᠬᠢᠯᠭᠠᠨ ᠬᠦᠴᠦᠨ ᠤ ᠢᠨᠵᠧᠨᠧᠷᠢᠩ᠂ ᠠᠭᠤᠷᠬᠠᠶ ᠶᠢᠨ ᠢᠨᠵᠧᠨᠧᠷᠢᠩ᠂ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ᠂ ᠬᠢᠮᠢ ᠶᠢᠨ ᠠᠵᠤ ᠦᠢᠯᠡᠳᠪᠦᠷᠢ ᠶᠢᠨ ᠴᠢᠯᠠᠭᠤᠨ ᠲᠣᠰᠣᠨ ᠤ ᠢᠨᠵᠧᠨᠧᠷᠢᠩ᠂ ᠮᠠᠰᠢᠨ ᠴᠠᠬᠢᠯᠭᠠᠨ ᠤᠭᠰᠠᠷᠠᠬᠤ ᠢᠨᠵᠧᠨᠧᠷᠢᠩ᠂ ᠴᠢᠮᠡᠭᠡ ᠬᠤᠯᠪᠣᠭᠠᠨ ᠤ ᠢᠨᠵᠧᠨᠧᠷᠢᠩ ᠤᠨ ᠬᠢᠨᠠᠨ ᠬᠠᠮᠢᠶᠠᠷᠬᠤ ᠲᠤᠰᠬᠠᠶ ᠮᠡᠷᠭᠡᠵᠢᠯ ᠤᠨ ᠬᠥᠬᠡ ᠲᠠᠰ ᠤᠨ ᠬᠢᠷᠢ ᠬᠡᠮ᠃    ᠠᠰᠠᠭᠤᠨ ᠯᠠᠪᠯᠠᠬᠤ ᠬᠡᠯᠪᠡᠷᠢ    ᠭᠦᠢᠴᠡᠳᠬᠡᠬᠦ ᠶᠠᠪᠤᠴᠠ ᠳᠤ ᠪᠠᠰᠠ ᠬᠦᠴᠢᠷ ᠪᠡᠷᠬᠡᠰᠢᠶᠡᠯ ᠲᠠᠢ ᠪᠠᠶᠢᠭᠰᠠᠭᠠᠷ ᠪᠠᠶᠢᠪᠠᠯ ᠲᠠ ᠪᠠᠰᠠ᠄    1. ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠫᠣᠷᠲ᠋ᠧᠯ ᠰᠦᠯᠵᠢᠶ᠎ᠡ — ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠰᠬᠠᠶ ᠪᠤᠯᠤᠩ ᠳᠤ ᠣᠷᠣᠵᠤ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠬᠠᠷᠢᠭᠤᠯᠲᠠ ᠶᠢ ᠣᠯᠵᠤ ᠪᠣᠯᠣᠨ᠎ᠠ᠃ https: // www.mohurd.gov.cn/ztbd/zyglgdspzlbzsm/index.html ᠃    2. ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠶᠢᠨ ᠰᠦᠯᠵᠢᠶᠡᠨ ᠤ ᠴᠡᠭ ᠢ ᠠᠰᠠᠭᠤᠨ ᠯᠠᠪᠯᠠᠬᠤ ᠤᠲᠠᠰᠤ ᠪᠠᠷ ᠯᠠᠪᠯᠠᠭᠠᠷᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷ᠊
Baidu
map