ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠢᠩᠬᠢᠮ ᠤᠨ ᠰᠢᠰᠲ᠋ᠧᠮ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠤᠨ ᠬᠠᠮᠲᠤ ᠪᠠᠷ ᠶᠠᠷᠢᠯᠴᠠᠬᠤ ᠶᠠᠷᠢᠯᠴᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/8
    12 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 2023 ᠣᠨ ᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠤᠨ ᠬᠠᠮᠲᠤ ᠪᠠᠷ ᠶᠠᠷᠢᠯᠴᠠᠬᠤ ᠶᠠᠷᠢᠯᠴᠠᠭᠠᠨ  ᠤ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠶᠢᠨ ᠾᠧ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠶ᠎ᠠ ᠲᠠᠯᠪᠢᠵᠠᠢ᠃
1.jpg
    ᠭᠦᠸᠧ ᠢᠦᠢ ᠹᠧᠩ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠲᠠᠪᠤᠨ ᠲᠠᠯ᠎ᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠂ ᠨᠢᠭᠡ ᠳᠤ᠂ ᠰᠤᠷᠤᠯᠴᠠᠯᠭ᠎ᠠ ᠪᠠᠷ ᠣᠶᠤᠨ ᠤᠬᠠᠭᠠᠨ ᠢᠶᠠᠨ ᠵᠠᠪᠰᠡᠭᠯᠡᠵᠦ᠂ ᠨᠠᠰᠤᠨ ᠲᠤᠷᠰᠢᠲᠠ ᠪᠠᠨ ᠰᠤᠷᠤᠯᠴᠠᠬᠤ ᠴᠢᠳᠠᠪᠤᠷᠢ ᠶᠢ ᠪᠤᠶ ᠪᠣᠯᠭᠠᠬᠤ ᠪᠥᠭᠡᠳ ᠪᠠᠲᠤᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯᠯᠠᠭᠴᠢ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠦᠵᠡᠯ ᠤᠬᠠᠮᠰᠠᠷ ᠢ ᠴᠢᠩᠭᠠᠳᠬᠠᠵᠤ᠂  ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠵᠢᠷᠤᠮᠯᠠᠵᠤ ᠂ ᠬᠡᠵᠢᠶ᠎ᠡ ᠴᠦ ᠭᠡᠰᠡᠨ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠬᠦ᠂ ︽ᠬᠤᠶᠠᠷ ᠢ ᠲᠤᠭᠳᠠᠭᠠᠭᠰᠠᠨ︾ ᠶᠢ ᠡᠷᠡᠰ ᠬᠦᠷᠢᠶᠡᠯᠡᠬᠦ ᠶᠢ ᠦᠨᠳᠦᠰᠦᠨ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠭᠦᠢᠴᠡᠳᠬᠡᠵᠦ᠂ ᠬᠠᠮᠤᠭ ᠤᠨ ᠴᠢᠬᠤᠯᠠ ᠤᠯᠤᠰ ᠲᠦᠷᠦ ᠶᠢᠨ ᠰᠠᠬᠢᠯᠭ᠎ᠠ ᠪᠠᠲᠤ ᠪᠣᠯᠭᠠᠨ ᠵᠢᠷᠤᠮᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠡᠷᠡᠰ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ ᠬᠦᠯᠢᠴᠡᠩᠭᠦᠢ ᠪᠤᠰᠤ  ᠶᠢ ᠴᠢᠩᠭ᠎ᠠ ᠴᠡᠭᠡᠷᠯᠡᠵᠦ᠂ ᠳᠠᠶᠢᠯᠠᠯᠭ᠎ᠠ ᠶᠢ ᠴᠥᠭᠡᠳᠬᠡᠨ᠂ ᠢᠯᠡᠭᠦᠬᠡᠨ ᠨᠣᠮ ᠪᠢᠴᠢᠭ ᠤᠩᠰᠢᠵᠤ᠂ ᠰᠠᠶᠢᠨ ᠨᠣᠮ ᠪᠢᠴᠢᠭ ᠤᠩᠰᠢᠵᠤ᠂ ᠰᠤᠷᠬᠤ ᠳᠤ ᠬᠠᠯᠠᠰᠢᠷᠠᠬᠤ ᠦᠭᠡᠢ᠂ ᠰᠤᠷᠬᠤ ᠶᠢᠨ ᠲᠠᠭᠠᠤ ᠰᠡᠳᠬᠢᠵᠦ᠂ ᠰᠤᠷᠤᠯᠴᠠᠯᠭ᠎ᠠ ᠪᠠᠷ ᠪᠡᠶ᠎ᠡ ᠪᠠᠨ ᠵᠠᠰᠠᠵᠤ᠂ ᠰᠤᠷᠤᠯᠴᠠᠯᠭ᠎ᠠ ᠪᠠᠷ ᠵᠠᠰᠠᠭ ᠲᠤ ᠲᠤᠰᠠᠯᠠᠵᠤ᠂ ᠴᠠᠭ ᠢᠮᠠᠭᠲᠠ ᠰᠤᠷᠤᠯᠴᠠᠬᠤ᠂ ᠨᠠᠰᠤᠨ ᠲᠤᠷᠰᠢᠲᠠ ᠰᠤᠷᠤᠯᠴᠠᠬᠤ ᠳᠠᠳᠬᠠᠯ ᠲᠠᠢ ᠪᠣᠯᠬᠤ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠺᠠᠳ᠋ᠷ ᠪᠣᠯᠤᠭᠰᠠᠨ ᠤ ᠬᠤᠪᠢ ᠳᠤ᠂ ᠡᠷᠲᠡᠨ ᠤ ᠰᠢᠯᠢᠳᠡᠭ ᠪᠠᠷᠢᠯᠭ᠎ᠠ ᠶᠢᠨ ᠰᠣᠶᠣᠯ ᠠᠴᠠ ᠰᠢᠮ᠎ᠡ ᠲᠡᠵᠢᠭᠡᠯ ᠣᠯᠵᠤ᠂ ᠪᠠᠷᠢᠯᠭ᠎ᠠ ᠶᠢᠨ ᠰᠣᠶᠣᠯ ᠤᠨ ᠣᠶᠢᠯᠠᠭᠠᠭᠳᠠᠬᠤᠨ ᠢ ᠬᠤᠲᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠪᠥᠬᠦ ᠶᠠᠪᠤᠴᠠ  ᠳᠤ ᠲᠤᠭᠤᠰᠢᠯᠠᠭᠤᠯᠤᠨ᠂ ᠬᠤᠲᠠ ᠶᠢᠨ ︽ᠴᠤᠭ ᠰᠦᠯᠳᠡ︾ ᠶᠢ ᠲᠠᠰᠤᠷᠠᠯᠲᠠ ᠦᠭᠡᠢ ᠪᠣᠶᠢᠵᠢᠭᠤᠯᠵᠤ᠂ ᠢᠯᠡ ᠲᠣᠳᠣ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠭᠡ ᠬᠡᠯᠡ︾ ᠪᠠᠷ ︽ᠤᠮᠠᠷᠠᠲᠤ ᠬᠢᠯᠢ ᠶᠢᠨ ᠰᠣᠶᠣᠯ︾ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠤᠶᠠᠷ ᠲᠤ᠂ ᠠᠵᠢᠯ ᠶᠠᠪᠤᠳᠠᠯ ᠬᠢᠵᠦ ᠭᠠᠪᠢᠶ᠎ᠠ ᠪᠠᠶᠢᠭᠤᠯᠵᠤ᠂ ᠠᠵᠢᠯ ᠰᠤᠷᠤᠯᠴᠠᠯᠭ᠎ᠠ ᠪᠠᠷ ᠡᠷᠳᠡᠮ ᠮᠡᠳᠡᠯᠭᠡ ᠂ ᠴᠢᠳᠠᠪᠤᠷᠢ ᠪᠠᠨ ᠨᠡᠮᠡᠭᠳᠡᠭᠦᠯᠦᠨ᠎ᠡ᠃ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠶᠠᠪᠤᠳᠠᠯ ᠬᠢᠵᠦ᠂ ︽ᠥᠷᠭᠡᠨ ᠲᠡᠯᠭᠡᠷ ᠦᠯᠡᠮᠵᠢ ᠪᠠᠶᠠᠯᠢᠭ ᠨᠠᠷᠢᠯᠢᠭ ᠬᠢᠨᠠᠭᠤᠷ ᠪᠦᠷᠢᠨ ᠭᠦᠢᠴᠡᠳ︾  ᠶᠢ ᠪᠠᠷᠢᠮᠲᠠᠯᠠᠵᠤ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰᠬᠠᠢ ᠮᠡᠷᠭᠡᠵᠢᠯ ᠲᠠᠢ᠂ ᠨᠠᠷᠢᠯᠢᠭ ᠬᠢᠬᠦ ᠪᠠᠷ ᠴᠢᠷᠮᠠᠶᠢᠬᠤ ᠬᠡᠷᠡᠭᠲᠡᠢ ︔ ᠬᠦᠯᠢᠴᠡᠩᠭᠦᠢ ᠪᠠᠶᠢᠬᠤ ᠬᠡᠷᠡᠭᠲᠡᠢ᠂ ᠠᠵᠢᠯ ᠪᠤᠯ ᠨᠢᠭᠡ ᠯᠡ ᠠᠮᠢᠰᠬᠤᠭ᠎ᠠ ᠪᠠᠷ ᠬᠢᠵᠦ᠂ ᠨᠢᠭᠡ ᠯᠡ ᠳᠡᠭᠡᠷ᠎ᠡ ᠪᠦᠲᠦᠭᠡᠴᠢᠬᠡᠬᠦ ᠵᠦᠢᠯ ᠪᠢᠰᠢ᠂ ᠳᠠᠬᠢᠨ ᠳᠠᠪᠲᠠᠨ ᠰᠤᠳᠤᠯᠵᠤ᠂ ᠨᠠᠷᠢᠨ ᠨᠢᠮᠪᠠᠢ ᠰᠤᠳᠤᠯᠪᠠᠯ ᠰᠠᠶ᠋ᠢ ᠤᠴᠢᠷ ᠶᠠᠪᠤᠳᠠᠯ ᠢ ᠪᠦᠲᠦᠭᠡᠵᠦ ᠴᠢᠳᠠᠨ᠎ᠠ︔ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠲᠡᠮᠡᠴᠡᠯ ᠤᠨ ᠣᠪᠣᠷ ᠪᠠᠶᠢᠳᠠᠯ ᠢᠶᠠᠨ ᠢᠮᠠᠭᠲᠠ ᠪᠠᠷᠢᠮᠲᠠᠯᠠᠬᠤ ᠬᠡᠷᠡᠭᠲᠡᠢ︔ ᠤᠴᠢᠷ ᠶᠠᠪᠤᠳᠠᠯ ᠲᠣᠬᠢᠶᠠᠯᠳᠤᠪᠠᠯ ᠵᠣᠷᠢᠭ ᠮᠣᠬᠤᠬᠤ ᠦᠭᠡᠢ᠂ ᠬᠠᠷᠠᠯᠲᠠ ᠡᠷᠡᠰ ᠪᠠᠲᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠴᠥᠬᠦᠷᠡᠰᠢ ᠦᠭᠡᠢ ᠪᠠᠷᠢᠮᠲᠠᠯᠠᠨ ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠪᠡᠷᠬᠡ ᠠᠰᠠᠭᠤᠳᠠᠯ︾ ᠢ ᠵᠣᠷᠢᠭᠲᠠᠢ ᠪᠠᠷ ᠴᠢᠳᠠᠮᠠᠭᠠᠢ  ᠪᠠᠷ ᠰᠢᠢᠳᠪᠦᠷᠢᠯᠡᠬᠦ ᠬᠡᠷᠡᠭᠲᠡᠢ︔ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠠᠵᠢᠯ ᠢ ᠠᠵᠢᠯ ᠦᠢᠯᠡᠰ ᠢᠶᠠᠷ ᠦᠵᠡᠵᠦ᠂ ᠠᠵᠢᠯ ᠦᠢᠯᠡᠰ ᠢ ᠬᠥᠭᠡᠭᠡᠴᠡᠯᠳᠦᠯ ᠢᠶᠠᠷ ᠦᠵᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠴᠢᠳᠠᠪᠤᠷᠢ ᠶᠢ ᠪᠣᠯᠪᠠᠰᠤᠷᠠᠭᠤᠯᠬᠤ ᠬᠡᠷᠡᠭᠲᠡᠢ᠃ ᠭᠤᠷᠪᠠ ᠳᠤ᠂ ᠰᠠᠨᠠᠭ᠎ᠠ ᠪᠤᠳᠤᠯ ᠢᠶᠠᠨ ᠦᠨᠳᠦᠰᠦᠨ ᠱᠠᠲᠤᠨ ᠳᠤ ᠬᠠᠨᠳᠤᠭᠤᠯᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠠᠵᠢᠯ ᠤᠨ ᠳᠤᠮᠳᠠ ᠪᠠᠨ ᠠᠭᠤᠰᠤᠯᠴᠠᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠪᠠᠷᠢᠯᠭ᠎ᠠ ᠶᠢᠨ ᠠᠵᠢᠯ᠂ ᠬᠤᠳᠠ ᠶᠢᠨ ᠬᠠᠮᠢᠶᠠᠷᠤᠯᠲᠠ᠂ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠭᠠᠯ ᠤᠨᠲᠠᠷᠠᠭᠠᠬᠤ ᠶᠢ ᠬᠢᠨᠠᠨ ᠰᠢᠯᠭᠠᠬᠤ ᠨᠢᠭᠡᠳᠦᠭᠡᠷ ᠹᠷᠣᠨᠲ ᠲᠤ ᠢᠯᠡᠭᠦᠬᠡᠨ ᠬᠦᠷᠴᠦ ᠪᠠᠶᠢᠳᠠᠯ ᠢ ᠣᠶᠢᠯᠠᠭᠠᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠬᠡᠵᠢᠶᠡᠳᠡ ᠡᠪᠦᠷᠯᠡᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠵᠦᠤᠰᠢᠶᠡᠷᠡᠯ ᠤᠨ ᠥᠭᠡᠷᠡᠴᠢᠯᠡᠯᠲᠡ᠂ ᠣᠷᠣᠨ ᠰᠠᠭᠤᠴᠠ ᠶᠢᠨ ᠪᠠᠲᠤᠯᠠᠭ᠎ᠠ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠶᠢ ᠰᠡᠳᠬᠢᠯ ᠲᠠᠯᠪᠢᠨ ᠬᠦᠴᠦ ᠤᠷᠤᠭᠤᠯᠤᠨ ᠰᠠᠶᠢᠲᠤᠷ ᠬᠢᠬᠦ ᠬᠡᠷᠡᠭᠲᠡᠢ︔ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠨ ᠵᠣᠪᠠᠨᠢᠵᠤ ᠬᠦᠰᠡᠨ ᠮᠥᠷᠥᠭᠡᠳᠴᠦ ᠪᠠᠶᠢᠬᠤ ᠠᠰᠠᠭᠤᠳᠠᠯ ᠢ ᠴᠢᠩᠭ᠎ᠠ ᠱᠠᠭᠠᠷᠳᠠᠨ ᠲᠦᠷᠭᠡᠨ ᠰᠢᠢᠳᠪᠦᠷᠢᠯᠡᠵᠦ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠰᠢᠢᠳᠪᠦᠷᠢᠯᠡᠨ ᠬᠥᠮᠥᠨ  ᠢ ᠡᠶᠡᠳᠡᠭᠦᠯᠬᠦ  ᠶᠢ ᠦᠨᠡᠨ ᠬᠦ ᠪᠠᠲᠤᠯᠠᠬᠤ ᠬᠡᠷᠡᠭᠲᠡᠢ᠃ ᠳᠥᠷᠪᠡ ᠳᠤ᠂ ᠬᠥᠮᠥᠨ ᠤ ᠠᠮᠢᠳᠤᠷᠠᠯ ᠤᠨ ᠬᠡᠳᠦᠨ ᠲᠣᠮᠣ ᠳᠠᠩᠰᠠ ᠶᠢ ᠭᠦᠨᠵᠡᠭᠡᠢ ᠰᠠᠶᠢᠲᠤᠷ ᠪᠤᠳᠤᠯᠬᠢᠯᠠᠨ᠎ᠠ᠃ ᠡᠷᠬᠡ ᠶᠢ ᠵᠥᠪ ᠢᠶᠠᠷ ᠲᠠᠨᠢᠵᠤ᠂ ᠬᠤᠪᠢ ᠶᠢᠨ ᠵᠢᠩ ᠢ ᠨᠢ ᠲᠤᠩᠭᠠᠨ ᠪᠣᠳᠣᠯᠬᠢᠯᠠᠵᠤ᠂ ᠡᠷᠬᠡ ᠶᠢ ᠪᠢᠰᠢᠷᠡᠨ ᠵᠢᠷᠦᠬᠡᠰᠢᠶᠡᠵᠦ᠂ ᠡᠷᠬᠡ ᠶᠢ ᠪᠣᠯᠭᠤᠮᠵᠢᠲᠠᠢ ᠬᠡᠷᠡᠭᠯᠡᠵᠦ᠂ ᠠᠷᠠᠳ ᠤᠨ ᠲᠥᠯᠥᠭᠡ ᠡᠷᠬᠡ ᠬᠡᠷᠡᠭᠯᠡᠬᠦ᠂ ᠡᠷᠬᠡ ᠶᠢ ᠭᠤᠣᠯᠴᠢ ᠪᠠᠷ ᠬᠡᠷᠡᠭᠯᠡᠬᠦ᠂ ᠡᠷᠬᠡ ᠶᠢ ᠬᠠᠤᠯᠢ ᠶᠣᠰᠣᠭᠠᠷ ᠬᠡᠷᠡᠭᠯᠡᠬᠦ᠂ ᠡᠷᠬᠡ ᠶᠢ ᠢᠯᠡ ᠪᠠᠷ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠢ︔ ᠨᠡᠷ᠎ᠡ ᠠᠰᠢᠭ ᠢ ᠵᠥᠪ ᠢᠶᠠᠷ ᠲᠠᠨᠢᠵᠤ᠂ ᠥᠪᠡᠷ ᠤᠨ ᠦᠷᠳᠡᠭ ᠢ ᠪᠤᠳᠤᠵᠤ᠂ ᠨᠡᠷ᠎ᠡ ᠲᠦᠷᠦ ᠶᠢ ᠨᠠᠨᠳᠢᠩᠨᠠᠵᠤ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠬᠢᠨᠠᠯᠲᠠ ᠲᠠᠯᠪᠢᠬᠤ ᠶᠢ ᠵᠥᠪ ᠢᠶᠠᠷ ᠲᠠᠨᠢᠵᠤ᠂ ᠬᠢᠨᠠᠯᠲᠠ ᠲᠠᠯᠪᠢᠬᠤ ᠶᠢ ᠨᠢᠭᠡ ᠵᠦᠢᠯ ᠤᠨ ᠤᠬᠠᠮᠰᠠᠷᠲᠤ ᠠᠵᠢᠯᠯᠠᠭ᠎ᠠ ᠪᠠᠷ ᠦᠵᠡᠬᠦ ᠬᠡᠷᠡᠭᠲᠡᠢ᠃ ᠲᠠᠪᠤ ᠳᠤ᠂ ᠶᠣᠰᠣ ᠰᠤᠷᠲᠠᠬᠤᠨ ᠢ ᠡᠷᠬᠢᠮᠯᠡᠵᠦ᠂ ᠪᠡᠶ᠎ᠡ ᠪᠠᠷ ᠢᠶᠠᠨ ᠬᠡᠪ ᠳᠦᠷᠢᠮ ᠬᠡᠪ ᠳᠠᠭᠤᠷᠢᠶᠠᠯ ᠪᠣᠯᠬᠤ ᠬᠡᠷᠡᠭᠲᠡᠢ᠃ ᠭᠠᠪᠢᠶ᠎ᠠ ᠵᠢᠳᠬᠦᠯ ᠪᠠ ᠨᠡᠷ᠎ᠡ ᠠᠯᠳᠠᠷ ᠪᠠᠶᠢᠷᠢᠰᠢᠯ ᠲᠠᠢ ᠪᠠᠶᠢᠵᠤ᠂ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠨ ᠠᠵᠢᠯ ᠦᠢᠯᠡᠰ ᠪᠦᠲᠦᠭᠡᠵᠦ᠂ ᠨᠡᠷ᠎ᠡ ᠠᠰᠢᠭ ᠢ ᠦᠯᠦ ᠬᠥᠭᠡᠭᠡᠴᠡᠯᠳᠦᠵᠦ ᠬᠤᠪᠢ ᠨᠡᠮᠡᠷᠢ ᠦᠵᠡᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ︔ ᠠᠰᠪᠤᠷ ᠴᠠᠭᠠᠪᠤᠷ ᠵᠠᠩ ᠰᠤᠷᠲᠠᠯ ᠂ ᠴᠠᠶᠢᠯᠭᠠᠨ ᠰᠡᠳᠬᠢᠯ ᠲᠠᠢ ᠪᠠᠶᠢᠵᠤ᠂ ᠰᠠᠶᠢᠨ ᠠᠷᠭ᠎ᠠ ᠪᠣᠳᠣᠯᠭ᠎ᠠ ᠶᠢ ᠢᠯᠡᠭᠦᠬᠡᠨ ᠬᠡᠷᠡᠭᠯᠡᠵᠦ᠂ ᠰᠠᠶᠢᠨ ᠦᠢᠯᠡ ᠠᠵᠢᠯᠯᠠᠭ᠎ᠠ ᠶᠢ ᠢᠯᠡᠭᠦᠬᠡᠨ ᠬᠢᠬᠦ ᠬᠡᠷᠡᠭᠲᠡᠢ︔ ᠠᠵᠢᠯ ᠶᠠᠪᠤᠳᠠᠯ ᠬᠢᠵᠦ ᠬᠠᠮᠲᠤ ᠪᠠᠷ ᠠᠵᠢᠯ ᠶᠠᠪᠤᠳᠠᠯ ᠪᠦᠲᠦᠭᠡᠬᠦ ᠠᠬᠤᠢ ᠪᠠᠶᠢᠳᠠᠯ ᠪᠤᠢ ᠪᠤᠯᠭᠠᠵᠦ ᠂ ᠠᠵᠢᠯ ᠶᠠᠪᠤᠳᠠᠯ ᠬᠢᠬᠦ ᠳᠡᠭᠡᠨ ᠲᠤᠤᠱᠲᠠᠢ ᠠᠳᠬᠤᠵᠤ᠂ ᠤᠴᠢᠷ ᠶᠠᠪᠤᠳᠠᠯ ᠲᠣᠬᠢᠶᠠᠯᠳᠤᠪᠠᠯ ᠰᠠᠨᠠᠭᠠᠴᠢᠯᠠᠭ᠎ᠠ ᠠᠴᠠ ᠪᠠᠨ ᠪᠠᠶᠢᠷᠢ ᠰᠣᠯᠢᠵᠤ ᠰᠡᠳᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠮᠲᠤ ᠶᠢᠨ ᠤᠶᠤᠨ ᠤᠬᠠᠭᠠᠨ ᠢ ᠥᠷᠭᠡᠨ ᠢᠶᠠᠷ ᠡᠵᠡᠮᠰᠢᠵᠦ᠂ ᠶᠠᠪᠤᠳᠠᠯ ᠪᠦᠬᠦᠨ ᠢ ᠢᠯᠡ ᠨᠡᠶᠢᠲᠡᠯᠡᠵᠦ᠂ ᠶᠡᠭᠡ ᠳᠠᠩᠰᠠ ᠶᠢ ᠪᠤᠳᠤᠬᠤ ᠳᠠᠳᠬᠠᠯ ᠲᠠᠢ ᠪᠠᠶᠢᠵᠤ᠂ ᠠᠵᠢᠯ ᠬᠢᠵᠦ ᠦᠢᠯᠡᠰ ᠪᠣᠰᠬᠠᠬᠤ ᠣᠷᠭᠢᠯᠤᠮ᠎ᠠ ᠰᠡᠳᠬᠢᠯᠭᠡ ᠶᠢ ᠢᠮᠠᠭᠲᠠ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃     ᠭᠦᠸᠧ ᠢᠦᠢ  ᠹᠧᠩ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠳᠤᠰ ᠳᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠳᠤᠰ ᠳᠤᠰ ᠤᠨ ᠬᠦᠴᠦᠨ ᠢᠶᠠᠨ ᠪᠠᠳᠠᠷᠠᠭᠤᠯᠵᠤ᠂ ᠬᠠᠮᠲᠤᠪᠠᠷ ᠴᠢᠷᠮᠠᠶᠢᠬᠤ ᠬᠡᠷᠡᠭᠲᠡᠢ᠃ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠵᠦ᠂ ᠥᠪᠡᠷ ᠢᠶᠠᠨ ᠤᠴᠢᠷ ᠭᠠᠷᠭᠠᠬᠤ ᠦᠭᠡᠢ ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ ᠶᠢ ᠴᠡᠪᠡᠷᠰᠢᠭᠦᠯᠵᠦ᠂ ᠠᠮᠢᠳᠤᠷᠠᠯ ᠤᠨ ᠬᠦᠷᠢᠶ᠎ᠡ ᠶᠢ ᠴᠡᠪᠡᠷᠰᠢᠭᠦᠯᠵᠦ᠂ ᠠᠵᠢᠯ ᠤᠨ ᠬᠦᠷᠢᠶ᠎ᠡ ᠶᠢ ᠵᠢᠷᠤᠮᠵᠢᠭᠤᠯᠵᠤ᠂ ᠠᠵᠢᠯᠯᠠᠭᠠᠨ ᠤ ᠬᠦᠷᠢᠶ᠎ᠡ ᠶᠢ ᠰᠠᠶᠢᠲᠤᠷ ᠬᠠᠮᠢᠶᠠᠷᠴᠤ᠂ ᠬᠤᠪᠢ ᠬᠥᠮᠥᠨ ᠤ ᠳᠦᠷᠢ ᠲᠥᠷᠬᠦ ᠶᠢ ᠠᠩᠬᠠᠷᠴᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ ᠤ ᠲᠦᠷᠦᠯ ᠵᠦᠢᠯ ᠳᠤ ᠲᠣᠭᠲᠠᠭᠠᠯ ᠢ ᠵᠥᠷᠢᠴᠡᠨ ᠭᠠᠷ ᠲᠦᠷᠦᠭᠦ ᠶᠢ ᠴᠢᠩᠭ᠎ᠠ ᠴᠠᠭᠠᠵᠠᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠭᠢᠰᠬᠢᠬᠦ ᠦᠭᠡᠢ ᠪᠠᠶᠢᠬᠤ ᠬᠡᠷᠡᠭᠲᠡᠢ᠃ ᠳᠣᠣᠷᠠᠬᠢ ᠬᠥᠮᠥᠰ ᠢᠶᠠᠨ ᠰᠠᠶᠢᠲᠤᠷ ᠬᠠᠮᠢᠶᠠᠷᠴᠤ᠂ ᠨᠢᠭᠡᠴᠢ ᠳᠡᠭᠡᠨ ᠬᠡᠷᠡᠭ ᠭᠠᠷᠬᠤ ᠦᠭᠡᠢ᠂ ᠰᠤᠷᠭᠠᠨ ᠬᠥᠮᠦᠵᠢᠯ ᠢ ᠴᠢᠩᠭᠠᠳᠬᠠᠨ᠂ ᠲᠦᠷᠢᠮ ᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠶᠢ ᠴᠢᠩᠭᠠᠳᠬᠠᠨ᠂ ᠬᠡᠷᠡᠭ ᠢ ᠴᠢᠩᠭ᠎ᠠ ᠰᠢᠢᠳᠪᠦᠷᠢᠯᠡᠵᠦ᠂ ᠥᠪᠡᠷ ᠤᠨ ᠡᠭᠦᠳᠡ ᠪᠠᠨ ᠰᠠᠶᠢᠨ ᠬᠠᠷᠠᠵᠤ᠂ ᠥᠪᠡᠷ ᠤᠨ ᠬᠥᠮᠥᠨ ᠢᠶᠠᠨ ᠰᠠᠶᠢᠲᠤᠷ ᠬᠠᠮᠢᠶᠠᠷᠬᠤ ᠬᠡᠷᠡᠭᠲᠡᠢ᠃ ᠠᠵᠢᠯ ᠤᠨ ᠵᠢᠷᠤᠮ ᠢ ᠡᠷᠬᠢᠮᠯᠡᠵᠦ᠂ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠥᠷᠭᠡᠨ ᠢᠶᠠᠷ ᠰᠠᠨᠠᠯ ᠬᠤᠷᠢᠶᠠᠵᠤ᠂ ᠰᠢᠢᠳᠪᠦᠷᠢᠲᠦ ᠪᠣᠳᠣᠯᠭ᠎ᠠ ᠶᠢ ᠪᠠᠶᠢᠴᠠᠭᠠᠨ ᠰᠤᠳᠤᠯᠤᠯᠲᠠ ᠬᠢᠭᠰᠡᠨ ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠭᠰᠠᠨ ᠰᠠᠭᠤᠷᠢᠨ ᠳᠡᠭᠡᠷ᠎ᠡ ᠪᠠᠶᠢᠭᠤᠯᠵᠤ᠂ ᠰᠢᠢᠳᠪᠦᠷᠢᠲᠦ ᠪᠣᠳᠣᠯᠭ᠎ᠠ ᠶᠢ ᠨᠡᠩ ᠰᠢᠨᠵᠢᠯᠡᠬᠦ ᠤᠬᠠᠭᠠᠨᠴᠢ᠂ ᠨᠡᠩ ᠠᠷᠠᠳᠴᠢᠯᠠᠯ ᠲᠠᠢ᠂ ᠨᠡᠩ ᠪᠣᠳᠠᠲᠤ ᠪᠠᠶᠢᠳᠠᠯ ᠲᠠᠢ ᠨᠡᠶᠢᠴᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
2.jpg
    ᠭᠦᠸᠧ ᠢᠦᠢ ᠹᠧᠩ᠂ ᠪᠦᠬᠦ ᠣᠷᠣᠨ ᠢᠶᠠᠷ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ ᠲᠡᠮᠡᠴᠡᠵᠦ ᠪᠠᠶᠢᠨ᠎ᠠ ᠃ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠲᠣᠰ ᠤᠳᠠᠭᠠᠨ ᠤ ᠬᠠᠮᠲᠤ ᠶᠢᠨ ᠶᠠᠷᠢᠯᠴᠠᠭ᠎ᠠ ᠪᠠᠷ ᠰᠢᠨ᠎ᠡ ᠡᠬᠢᠯᠡᠯᠲᠡ ᠪᠣᠯᠭᠠᠵᠤ᠂ ᠨᠠᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠷᠮᠠᠭᠠᠢ ᠠᠵᠢᠯ ᠤᠨ ᠠᠮᠵᠢᠯᠲᠠ ᠪᠦᠲᠦᠮᠵᠢ ᠪᠠᠷ ᠢᠶᠠᠨ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠥᠭᠬᠦ ᠶᠢ ᠬᠦᠰᠡᠵᠦ ᠪᠠᠶᠢᠨ᠎ᠠ ᠭᠡᠵᠡᠢ᠃
3.jpg
    ᠮᠠ ᠶᠢᠨ ᠾᠧ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠶᠠᠨ ᠳᠠᠭᠠᠨ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠮᠠᠭᠲᠠ ᠪᠠᠷᠢᠮᠲᠠᠯᠠᠵᠤ᠂ ᠦᠨᠡᠨᠴᠢ ᠰᠢᠳᠤᠷᠭᠤ ᠬᠥᠮᠥᠨ ᠪᠣᠯᠵᠤ᠂ ᠠᠵᠢᠯ ᠦᠢᠯᠡᠰ ᠲᠡᠭᠡᠨ ᠦᠨᠡᠨᠴᠢ ᠰᠢᠳᠤᠷᠭᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ︽ᠬᠤᠶᠠᠷ ᠢ ᠲᠤᠭᠳᠠᠭᠠᠭᠰᠠᠨ︾ ᠶᠢ ᠡᠷᠡᠰ ᠬᠦᠷᠢᠶᠡᠯᠡᠬᠦ ᠬᠡᠷᠡᠭᠲᠡᠢ︔ ᠠᠵᠢᠯ ᠦᠢᠯᠡᠰ ᠲᠡᠭᠡᠨ ᠴᠢᠷᠮᠠᠶᠢᠨ ᠵᠢᠳᠬᠦᠬᠦ ᠵᠣᠷᠢᠭ ᠢ ᠢᠮᠠᠭᠲᠠ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ︔ ᠠᠷᠠᠳ ᠲᠦᠮᠡᠨ ᠳᠤ ᠲᠠᠯᠠᠷᠬᠠᠬᠤ ᠰᠡᠳᠬᠢᠯ ᠢ ᠢᠮᠠᠭᠲᠠ ᠪᠠᠷᠢᠮᠲᠠᠯᠠᠵᠤ᠂ ᠠᠷᠠᠳ ᠤᠨ ᠲᠥᠯᠥᠭᠡ ᠲᠦᠷᠦ ᠪᠠᠷᠢᠬᠤ ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠ ᠠᠷᠠᠳ ᠲᠦᠮᠡᠨ ᠤ ᠬᠦᠰᠡᠯ ᠡᠷᠡᠮᠡᠯᠵᠡᠯ ᠳᠤ ᠣᠰᠣᠯᠳᠠᠬᠤ ᠦᠭᠡᠢ ᠪᠠᠶᠢᠬᠤ ᠬᠡᠷᠡᠭᠲᠡᠢ︔ ᠬᠠᠤᠯᠢ ᠰᠠᠬᠢᠯᠭ᠎ᠠ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠦ᠂ ᠡᠷᠬᠡ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠵᠤ᠂ ᠰᠡᠳᠬᠢᠯ ᠳᠡᠭᠡᠨ ᠴᠡᠭᠡᠷ ᠲᠠᠢ᠂ ᠬᠢᠬᠦ ᠳᠡᠭᠡᠨ ᠵᠣᠭᠰᠣᠴᠠ ᠲᠠᠢ ᠪᠠᠶᠢᠵᠤ᠂ ᠬᠤᠷᠢᠭ᠎ᠠ ᠱᠤᠭᠤᠮ ᠢ ᠰᠠᠬᠢᠵᠤ᠂ ᠤᠯᠠᠭᠠᠨ ᠱᠤᠭᠤᠮ ᠢ ᠭᠢᠰᠬᠢᠬᠦ ᠦᠭᠡᠢ᠂ ᠥᠨᠳᠥᠷ ᠬᠦᠴᠦᠳᠡᠯᠲᠦ ᠴᠠᠬᠢᠯᠭᠠᠨ ᠱᠤᠭᠤᠮ ᠢ ᠬᠦᠨᠳᠡᠬᠦ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃
4.jpg
5.jpg
6.jpg
    ᠲᠤᠰ ᠤᠳᠠᠭ᠎ᠠ ᠶᠢᠨ ᠶᠠᠷᠢᠯᠴᠠᠬᠤ ᠬᠤᠷᠠᠯ ᠢ ᠲᠤᠬᠠᠢ ᠶᠢᠨ ᠭᠠᠵᠠᠷ ᠲᠤᠨᠢ ᠰᠡᠷᠡᠮᠵᠢᠯᠡᠭᠦᠯᠬᠦ ᠪᠠ ᠶᠠᠷᠢᠯᠴᠠᠨ ᠰᠠᠨᠠᠯ ᠰᠣᠯᠢᠯᠴᠠᠬᠤ ᠬᠡᠯᠪᠡᠷᠢ  ᠪᠠᠷ ᠥᠷᠨᠢᠭᠦᠯᠵᠡᠢ᠃ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠲᠢᠩᠬᠢᠮ ᠤᠨ ᠰᠢᠰᠲ᠋ᠧᠮ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ 2023 ᠣᠨ ᠳᠤ ᠢᠯᠡ ᠪᠠᠷ ᠰᠢᠯᠢᠨ ᠰᠤᠩᠭᠤᠭᠳᠠᠭᠰᠠᠨ ᠠᠯᠪᠠᠲᠠᠨ ᠬᠤᠷᠠᠯ ᠳᠤ ᠤᠷᠤᠯᠴᠠᠪᠠ᠃  
ᠢᠷᠡᠯᠲᠡ᠄ ᠠᠵᠢᠯᠲᠠᠨ ᠤ ᠶᠠᠪᠤᠳᠠᠯ ᠤᠨ ᠭᠠᠵᠠᠷ
Baidu
map