﹇ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠥᠪᠯᠡᠯᠭᠡ ᠥᠭᠬᠦ ᠦᠢᠯᠡᠴᠢᠯᠡᠭᠡ﹈ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠬᠤᠶᠢᠰᠢᠯᠠᠭᠤᠯᠤᠨ ᠭᠦᠢᠴᠡᠳᠬᠡᠬᠦ ᠬᠤᠯᠪᠣᠭᠳᠠᠯ ᠪᠦᠬᠦᠢ ᠠᠰᠠᠭᠤᠳᠠᠯ ︱ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠬᠠᠷᠢᠭᠤᠯᠲᠠ ︵2023 ᠣᠨ ᠤ ᠠᠷᠪᠠᠨ ᠨᠠᠢᠮᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2023/12/8
   ᠪᠠᠶᠢᠩᠭᠤ ᠲᠣᠬᠢᠶᠠᠯᠳᠤᠬᠤ ᠠᠰᠠᠭᠤᠳᠠᠯ ︵ᠨᠢᠭᠡ︶    ᠠᠰᠠᠭᠤᠯᠲᠠ᠄ ᠠᠵᠤ ᠠᠬᠤᠶᠢᠯᠠᠯ ᠨᠢ ᠣᠯᠠᠨ ᠵᠦᠢᠯ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠲᠠᠢ ᠪᠠᠶᠢᠪᠠᠯ᠂ ᠮᠡᠷᠭᠡᠵᠢᠯ ᠤᠨ ᠬᠠᠷᠢᠭᠤᠴᠠᠯᠭᠠᠲᠠᠨ ᠨᠢ ᠬᠢᠷᠢ ᠬᠡᠮ ᠨᠢᠭᠡᠪᠦᠷᠢ ᠶᠢᠨ ᠪᠠᠷᠢᠮᠵᠢᠶ᠎ᠠ ᠱᠠᠭᠠᠷᠳᠠᠯᠭ᠎ᠠ ᠶᠢ ᠬᠠᠩᠭᠠᠬᠤ ᠬᠡᠷᠡᠭᠲᠡᠢ ᠤᠤ︖    ᠬᠠᠷᠢᠭᠤᠯᠲᠠ᠄ ᠠᠵᠤ ᠠᠬᠤᠶᠢᠯᠠᠯ ᠬᠡᠷᠪᠡ ᠣᠯᠠᠨ ᠵᠦᠢᠯ ᠤᠨ ᠬᠢᠷᠢ ᠬᠡᠮ ᠢᠶᠠᠨ ᠬᠤᠶᠢᠰᠢᠯᠠᠭᠤᠯᠬᠤ ᠪᠠᠷ ᠭᠤᠶᠤᠴᠢᠯᠠᠪᠠᠯ᠂ ᠭᠤᠶᠤᠴᠢᠯᠠᠭᠰᠠᠨ ᠬᠢᠷᠢ ᠬᠡᠮ ᠤᠨ ᠲᠥᠷᠥᠯ ᠢᠯᠭᠠᠯ ᠢᠶᠠᠷ ᠢᠶᠠᠨ ᠨᠢᠭᠡ ᠲᠤᠰᠬᠠᠢ ᠮᠡᠷᠭᠡᠵᠢᠯ ᠤᠨ ᠬᠠᠷᠢᠭᠤᠴᠠᠯᠭᠠᠲᠠᠨ ᠢ ᠲᠣᠳᠣᠷᠬᠠᠶᠢᠯᠠᠬᠤ ᠬᠡᠷᠡᠭᠲᠡᠢ᠂ ᠬᠡᠷᠪᠡ ᠬᠢᠷᠢ ᠬᠡᠮ ᠤᠨ ᠪᠠᠷᠢᠮᠵᠢᠶ᠎ᠠ ᠱᠠᠭᠠᠷᠳᠠᠯᠭ᠎ᠠ ᠶᠢ ᠬᠠᠩᠭᠠᠪᠠᠯ᠂ ᠨᠢᠭᠡ ᠬᠥᠮᠥᠨ ᠣᠯᠠᠨ ᠲᠤᠰᠬᠠᠢ ᠮᠡᠷᠭᠡᠵᠢᠯ ᠤᠨ ᠬᠠᠷᠢᠭᠤᠴᠠᠯᠭᠠᠲᠠᠨ ᠤ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠣᠯᠣᠨ᠎ᠠ᠃     ᠪᠠᠶᠢᠩᠭᠤ ᠲᠣᠬᠢᠶᠠᠯᠳᠤᠬᠤ ᠠᠰᠠᠭᠤᠳᠠᠯ ︵ᠬᠤᠶᠠᠷ︶    ᠠᠰᠠᠭᠤᠯᠲᠠ᠄ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠬᠤᠶᠢᠰᠢᠯᠠᠭᠤᠯᠤᠨ ᠭᠦᠢᠴᠡᠳᠬᠡᠬᠦ ᠳᠤ᠂ ᠳᠠᠩᠰᠠᠯᠠᠭᠤᠯᠤᠭᠰᠠᠨ ᠬᠦᠮᠦᠨ ᠮᠡᠷᠭᠡᠵᠢᠯ ᠤᠨ ᠬᠠᠷᠢᠭᠤᠴᠠᠯᠭᠠᠲᠠᠨ ᠤ ᠲᠤᠰᠢᠶᠠᠯ ᠢ ᠬᠠᠮᠲᠤ ᠳᠤᠨᠢ ᠬᠠᠪᠰᠤᠷᠭᠠᠨ ᠡᠭᠦᠷᠭᠡᠯᠡᠵᠦ ᠪᠣᠯᠣᠨ᠎ᠠ ᠤᠤ︖   ᠬᠠᠷᠢᠭᠤᠯᠲᠠ᠄ ᠪᠣᠯᠣᠨ᠎ᠠ᠃ ᠳᠠᠩᠰᠠᠯᠠᠭᠤᠯᠤᠭᠰᠠᠨ ᠦᠨᠡᠮᠯᠡᠯ ᠬᠦᠮᠦᠨ ᠨᠢ ᠳᠠᠩᠰᠠᠯᠠᠭᠤᠯᠤᠭᠰᠠᠨ ᠬᠥᠮᠥᠨ ᠪᠠ ᠮᠡᠷᠭᠡᠵᠢᠯ ᠤᠨ ᠬᠠᠷᠢᠭᠤᠴᠠᠯᠭᠠᠲᠠᠨ ᠤ ᠬᠢᠷᠢ ᠬᠡᠮ ᠤᠨ ᠪᠠᠷᠢᠮᠵᠢᠶ᠎ᠠ ᠱᠠᠭᠠᠷᠳᠠᠯᠭ᠎ᠠ ᠶᠢ ᠬᠠᠩᠭᠠᠵᠦ ᠪᠠᠶᠢᠪᠠᠯ᠂ ᠬᠠᠮᠲᠤ ᠳᠤᠨᠢ ᠳᠠᠩᠰᠠᠯᠠᠭᠤᠯᠤᠭᠰᠠᠨ ᠬᠥᠮᠥᠨ ᠪᠠ ᠮᠡᠷᠭᠡᠵᠢᠯ ᠤᠨ ᠬᠠᠷᠢᠭᠤᠴᠠᠯᠭᠠᠲᠠᠨ ᠤ ᠬᠤᠪᠢ ᠪᠠᠷ ᠲᠣᠰ ᠲᠣᠰ ᠦᠨᠡᠯᠡᠯᠭᠡ ᠬᠢᠵᠦ ᠪᠤᠯᠤᠨ᠎ᠠ ᠃     ᠪᠠᠶᠢᠩᠭᠤ ᠲᠣᠬᠢᠶᠠᠯᠳᠤᠬᠤ ᠠᠰᠠᠭᠤᠳᠠᠯ ︵ᠭᠤᠷᠪᠠ︶ᠠᠰᠠᠭᠤᠯᠲᠠ᠄ ᠬᠢᠷᠢ ᠬᠡᠮ ᠢᠶᠠᠨ ᠬᠤᠶᠢᠰᠢᠯᠠᠭᠤᠯᠤᠨ ᠭᠤᠶᠤᠴᠢᠯᠠᠬᠤ ᠦᠶ᠎ᠡ ᠳᠤ᠂ ᠪᠦᠬᠦᠯᠢ 60 ᠨᠠᠰᠤ ᠬᠦᠷᠦᠭᠡᠳᠦᠢ ᠪᠣᠯᠪᠠᠴᠤ ᠨᠢᠭᠡᠨᠲᠡ ᠠᠵᠢᠯ ᠠᠴᠠ ᠪᠠᠨ ᠪᠠᠭᠤᠵᠤ ᠠᠮᠠᠷᠠᠭᠰᠠᠨ ᠪᠠᠶᠢᠪᠠᠯ᠂ ᠳᠠᠩᠰᠠᠯᠠᠭᠤᠯᠤᠭᠴᠢ ᠶᠢᠨ ᠬᠤᠪᠢ ᠪᠠᠷ ᠮᠡᠳᠡᠭᠦᠯᠵᠦ ᠪᠣᠯᠣᠨ᠎ᠠ ᠤᠤ︖᠂ ᠮᠡᠷᠭᠡᠵᠢᠯ ᠤᠨ ᠬᠠᠷᠢᠭᠤᠴᠠᠯᠭᠠᠲᠠᠨ ᠪᠣᠯᠵᠤ ᠪᠣᠯᠣᠨ᠎ᠠ ᠤᠤ︖    ᠬᠠᠷᠢᠭᠤᠯᠲᠠ᠄ ᠪᠣᠯᠣᠨ᠎ᠠ᠃ ᠨᠠᠰᠤ ᠨᠢ ᠪᠦᠬᠦᠯᠢ 60 ᠨᠠᠰᠤ ᠬᠦᠷᠦᠭᠡᠳᠦᠢ ᠂ ᠵᠣᠬᠢᠴᠠᠩᠭᠤᠢ ᠬᠢᠷᠢ ᠬᠡᠮ ᠤᠨ ᠪᠠᠷᠢᠮᠵᠢᠶ᠎ᠠ ᠱᠠᠭᠠᠷᠳᠠᠯᠭ᠎ᠠ ᠶᠢ ᠬᠠᠩᠭᠠᠭᠰᠠᠨ ᠪᠠᠶᠢᠪᠠᠯ᠂ ᠳᠠᠩᠰᠠᠯᠠᠭᠤᠯᠤᠭᠴᠢ ᠶᠢᠨ ᠬᠤᠪᠢ ᠪᠠᠷ ᠮᠡᠳᠡᠭᠦᠯᠵᠦ ᠪᠣᠯᠣᠨ᠎ᠠ᠂ ᠮᠡᠷᠭᠡᠵᠢᠯ ᠤᠨ ᠬᠠᠷᠢᠭᠤᠴᠠᠯᠭᠠᠲᠠᠨ ᠤ ᠬᠤᠪᠢ ᠪᠠᠷ ᠮᠡᠳᠡᠭᠦᠯᠦᠭᠰᠡᠨ ᠴᠦ ᠪᠣᠯᠣᠨ᠎ᠠ᠃     ᠪᠠᠶᠢᠩᠭᠤ ᠲᠣᠬᠢᠶᠠᠯᠳᠤᠬᠤ ᠠᠰᠠᠭᠤᠳᠠᠯ ︵ᠳᠥᠷᠪᠡ︶    ᠠᠰᠠᠭᠤᠯᠲᠠ᠄ ᠨᠢᠭᠡᠨᠲᠡ ᠳᠣᠷᠣᠭᠰᠢ ᠪᠠᠭᠤᠯᠭᠠᠭᠰᠠᠨ ᠡᠯᠧᠺᠲᠷᠣᠨ ᠪᠠ ᠣᠶᠤᠨᠴᠢᠯᠠᠭᠰᠠᠨ ᠢᠨᠵᠧᠨᠧᠷᠢᠩ᠂ ᠭᠠᠯ ᠤᠨᠲᠠᠷᠠᠭᠠᠬᠤ ᠪᠡᠯᠡᠳᠬᠡᠮᠵᠢ ᠶᠢᠨ ᠢᠨᠵᠧᠨᠧᠷᠢᠩ᠂ ᠤᠰᠤ ᠰᠡᠷᠭᠡᠶᠢᠯᠡᠬᠦ ᠳᠤᠯᠠᠭᠠᠨ ᠢ ᠬᠠᠮᠠᠭᠠᠯᠠᠬᠤ ᠢᠨᠵᠧᠨᠧᠷᠢᠩ᠂ ᠪᠠᠷᠢᠯᠭ᠎ᠠ ᠶᠢᠨ ᠵᠠᠰᠠᠵᠤ ᠴᠢᠮᠡᠭᠯᠡᠬᠦ ᠢᠨᠵᠧᠨᠧᠷᠢᠩ᠂ ᠪᠠᠷᠢᠯᠭ᠎ᠠ ᠶᠢᠨ ᠮᠠᠰᠢᠨ ᠴᠠᠬᠢᠯᠭᠠᠨ ᠤᠭᠰᠠᠷᠠᠬᠤ ᠢᠨᠵᠧᠨᠧᠷᠢᠩ᠂ ᠪᠠᠷᠢᠯᠭ᠎ᠠ ᠶᠢᠨ ᠬᠡᠷᠡᠮ ᠤᠨ ᠢᠨᠵᠧᠨᠧᠷᠢᠩ᠂ ᠬᠤᠲᠠ ᠵᠢᠴᠢ ᠵᠠᠮ ᠤᠨ ᠭᠡᠷᠡᠯᠲᠦᠭᠦᠯᠭᠡ ᠶᠢᠨ ᠢᠨᠵᠧᠨᠧᠷᠢᠩ ᠤᠨ ᠬᠤᠶᠠᠳᠤᠭᠠᠷ ᠳᠡᠰ ᠤᠨ ᠬᠢᠷᠢ ᠬᠡᠮ ᠢ ᠦᠷᠭᠦᠯᠵᠢᠯᠡᠭᠦᠯᠬᠦ ᠴᠢᠬᠤᠯᠠᠲᠠᠢ ᠤᠤ︖    ᠬᠠᠷᠢᠭᠤᠯᠲᠠ᠄ ᠬᠡᠷᠪᠡ ᠳᠡᠭᠡᠷ᠎ᠡ ᠳᠤᠷᠠᠳᠤᠭᠰᠠᠨ ᠬᠢᠷᠢ ᠬᠡᠮ ᠢ ᠮᠤᠵᠢ ᠶᠢᠨ ᠱᠠᠲᠤᠨ ᠤ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ︵D2 ᠪᠠᠷ ᠡᠬᠢᠯᠡᠨ᠎ᠡ︶ ᠦᠨᠡᠮᠯᠡᠯ ᠪᠠᠶᠢᠪᠠᠯ ᠦᠷᠭᠦᠯᠵᠢᠯᠡᠭᠦᠯᠬᠦ ᠴᠢᠬᠤᠯᠠᠲᠠᠢ᠃ ᠬᠡᠷᠪᠡ ᠳᠡᠭᠡᠷ᠎ᠡ ᠳᠤᠷᠠᠳᠤᠭᠰᠠᠨ ᠬᠢᠷᠢ ᠬᠡᠮ ᠢ ᠬᠤᠲᠠ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ︵D3 ᠠᠴᠠ ᠡᠬᠢᠯᠡᠨ᠎ᠡ︶ ᠦᠨᠡᠮᠯᠡᠯ ᠪᠠᠶᠢᠪᠠᠯ ᠲᠦᠷ ᠦᠷᠭᠦᠯᠵᠢᠯᠡᠭᠦᠯᠬᠦ ᠴᠢᠬᠤᠯᠠ ᠦᠭᠡᠢ᠃     ᠪᠠᠶᠢᠩᠭᠤ ᠲᠣᠬᠢᠶᠠᠯᠳᠤᠬᠤ ᠠᠰᠠᠭᠤᠳᠠᠯ ︵ᠲᠠᠪᠤ︶    ᠠᠰᠠᠭᠤᠯᠲᠠ᠄ ᠠᠵᠤ ᠠᠬᠤᠶᠢᠯᠠᠯ ᠳᠤ ᠣᠯᠠᠨ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠲᠠᠢ ᠪᠣᠯ ᠬᠤᠶᠢᠰᠢᠯᠠᠭᠤᠯᠬᠤ ᠭᠤᠶᠤᠴᠢᠯᠠᠯ ᠢᠶᠠᠨ ᠲᠣᠰ ᠲᠣᠰ ᠲᠤᠰᠢᠶᠠᠬᠤ ᠬᠡᠷᠡᠭᠲᠡᠢ ᠤᠤ︖    ᠬᠠᠷᠢᠭᠤᠯᠲᠠ᠄ ᠠᠵᠤ ᠠᠬᠤᠶᠢᠯᠠᠯ ᠨᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠪᠠ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠷᠢ ᠬᠡᠮ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢᠨ ᠬᠢᠷᠢ ᠬᠡᠮ ᠢ ᠬᠠᠮᠲᠤ ᠳᠤᠨᠢ ᠪᠦᠷᠢᠯᠳᠦᠭᠦᠯᠦᠭᠰᠡᠨ ᠪᠠᠶᠢᠪᠠᠯ᠂ ᠲᠣᠰ ᠲᠣᠰ ᠬᠤᠶᠢᠰᠢᠯᠠᠭᠤᠯᠬᠤ ᠭᠤᠶᠤᠴᠢᠯᠠᠯ ᠭᠠᠷᠭᠠᠬᠤ ᠬᠡᠷᠡᠭᠲᠡᠢ᠃ ᠠᠵᠤ ᠠᠬᠤᠶᠢᠯᠠᠯ ᠨᠢ ᠪᠠᠷᠢᠯᠭ᠎ᠠ ᠶᠢᠨ ᠠᠵᠢᠯ ᠤᠨ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠪᠣᠯᠣᠨ ᠠᠭᠤᠷᠬᠠᠢ ᠶᠢᠨ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠵᠡᠷᠭᠡ ᠠᠳᠠᠯᠢ ᠲᠥᠷᠥᠯ ᠬᠡᠯᠪᠡᠷᠢ ︵ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ︶ ᠶᠢᠨ ᠠᠳᠠᠯᠢ ᠪᠤᠰᠤ ᠲᠥᠷᠥᠯ ᠢᠯᠭᠠᠯ ᠤᠨ ᠬᠢᠷᠢ ᠬᠡᠮ ᠢ ᠵᠡᠷᠭᠡᠪᠡᠷ ᠪᠦᠷᠢᠯᠳᠦᠭᠦᠯᠦᠭᠰᠡᠨ ᠪᠠᠶᠢᠪᠠᠯ᠂ ᠲᠣᠰ ᠲᠣᠰ ᠲᠤᠨᠢ ᠬᠤᠶᠢᠰᠢᠯᠠᠭᠤᠯᠬᠤ ᠭᠤᠶᠤᠴᠢᠯᠠᠯ ᠳᠤᠷᠠᠳᠬᠤ ᠴᠢᠬᠤᠯᠠ ᠦᠭᠡᠢ᠂ ᠨᠢᠭᠡ ᠤᠳᠠᠭ᠎ᠠ ᠬᠤᠶᠢᠰᠢᠯᠠᠭᠤᠯᠬᠤ ᠭᠤᠶᠤᠴᠢᠯᠠᠯ ᠢᠶᠠᠨ ᠨᠢᠭᠡᠳᠦᠯᠲᠡᠢ ᠲᠤᠰᠢᠶᠠᠪᠠᠯ ᠪᠣᠯᠴᠢᠬᠠᠨ᠎ᠠ᠃     ᠪᠠᠶᠢᠩᠭᠤ ᠲᠣᠬᠢᠶᠠᠯᠳᠤᠬᠤ ᠠᠰᠠᠭᠤᠳᠠᠯ ︵ᠵᠢᠷᠭᠤᠭ᠎ᠠ︶    ᠠᠰᠠᠭᠤᠯᠲᠠ᠄ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠷᠢ ᠬᠡᠮ ᠢ ᠬᠤᠶᠢᠰᠢᠯᠠᠭᠤᠯᠬᠤ ᠦᠶ᠎ᠡ ᠳᠤ ᠳᠠᠩᠰᠠᠯᠠᠭᠤᠯᠤᠭᠰᠠᠨ ᠴᠠᠬᠢᠯᠭᠠᠨ ᠤ ᠢᠨᠵᠧᠨᠧᠷ᠂ ᠳᠠᠩᠰᠠᠯᠠᠭᠤᠯᠤᠭᠰᠠᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠢᠨᠵᠧᠨᠧᠷ ᠪᠠ ᠳᠠᠩᠰᠠᠯᠠᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠢᠨᠵᠧᠨᠧᠷ ᠢ ᠬᠢᠨᠠᠨ ᠰᠢᠯᠭᠠᠨ᠎ᠠ ᠤᠤ︖    ᠬᠠᠷᠢᠭᠤᠯᠲᠠ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠲᠦᠷ ᠬᠢᠨᠠᠨ ᠰᠢᠯᠭᠠᠬᠤ ᠦᠭᠡᠢ᠃     ᠪᠠᠶᠢᠩᠭᠤ ᠲᠣᠬᠢᠶᠠᠯᠳᠤᠬᠤ ᠠᠰᠠᠭᠤᠳᠠᠯ ︵ᠲᠤᠯᠤᠭ᠎ᠠ︶   ᠠᠰᠠᠭᠤᠯᠲᠠ᠄ ᠠᠵᠤ ᠠᠬᠤᠶᠢᠯᠠᠯ ᠣᠲᠣ ᠶᠠᠭ ᠲᠠᠰ ᠳᠡᠪᠰᠢᠭᠦᠯᠬᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠠᠶᠢᠭ᠎ᠠ ᠦᠶ᠎ᠡ ᠳᠤ᠂ ᠦᠷᠭᠦᠯᠵᠢᠯᠡᠭᠦᠯᠬᠦ ᠴᠢᠬᠤᠯᠠᠲᠠᠢ ᠤᠤ︖    ᠬᠠᠷᠢᠭᠤᠯᠲᠠ᠄ ᠴᠢᠬᠤᠯᠠᠲᠠᠢ᠂ ᠭᠦᠢᠴᠡᠳᠭᠡᠵᠦ ᠪᠠᠶᠢᠭ᠎ᠠ ᠲᠠᠰ ᠳᠡᠪᠰᠢᠭᠦᠯᠬᠦ ᠲᠤᠬᠠᠶᠢᠯᠠᠭᠰᠠᠨ ᠠᠵᠢᠯ ᠬᠠᠷᠠᠬᠠᠨ ᠵᠠᠷᠯᠠᠨ ᠨᠡᠶᠢᠲᠡᠯᠡᠭᠡᠳᠦᠢ ᠪᠥᠭᠡᠳ ᠬᠢᠷᠢ ᠬᠡᠮ ᠤᠨ ᠦᠨᠡᠮᠯᠡᠯ ᠢ ᠬᠢᠨᠠᠨ ᠣᠯᠭᠤᠭᠠᠳᠤᠢ ᠯᠠ ᠶᠤᠮ ᠪᠣᠯ᠂ ᠤᠤᠯ ᠤᠨ ᠬᠢᠷᠢ ᠬᠡᠮ ᠢ ᠨᠢ ᠵᠠᠪᠠᠯ ᠦᠷᠭᠦᠯᠵᠢᠯᠡᠭᠦᠯᠬᠦ ᠭᠤᠶᠤᠴᠢᠯᠠᠯ ᠢᠶᠠᠨ ᠴᠠᠭ ᠲᠤᠬᠠᠢ ᠳᠤᠨᠢ ᠲᠤᠰᠢᠶᠠᠬᠤ ᠬᠡᠷᠡᠭᠲᠡᠢ᠃     ᠪᠠᠶᠢᠩᠭᠤ ᠲᠣᠬᠢᠶᠠᠯᠳᠤᠬᠤ ᠠᠰᠠᠭᠤᠳᠠᠯ ︵ᠨᠠᠢᠮᠠ︶   ᠠᠰᠠᠭᠤᠯᠲᠠ᠄ ᠨᠢᠭᠡ ᠳᠠᠩᠰᠠᠯᠠᠭᠤᠯᠤᠭᠰᠠᠨ ᠠᠵᠢᠯᠲᠠᠨ ᠬᠤᠶᠠᠷ ᠠᠴᠠ ᠳᠡᠭᠡᠭᠰᠢ ᠳᠠᠩᠰᠠᠯᠠᠭᠤᠯᠤᠭᠰᠠᠨ ᠠᠵᠢᠯ ᠡᠷᠭᠢᠯᠡᠬᠦ ᠬᠢᠷᠢ ᠬᠡᠮ ᠢ ᠵᠡᠷᠭᠡᠪᠡᠷ ᠪᠦᠷᠢᠯᠳᠦᠭᠦᠯᠦᠭᠰᠡᠨ ᠪᠠᠶᠢᠪᠠᠯ᠂ ᠪᠠᠷᠢᠯᠭ᠎ᠠ  ᠶᠢᠨ ᠵᠢᠷᠤᠭ ᠲᠥᠯᠥᠪᠯᠡᠭᠡ ︵ᠪᠠᠷᠢᠯᠭ᠎ᠠ ᠶᠢᠨ ᠬᠠᠶᠢᠨ ᠪᠠᠶᠢᠴᠠᠭᠠᠯᠲᠠ︶ ᠶᠢᠨ ᠬᠢᠷᠢ ᠬᠡᠮ ᠢ ᠦᠷᠭᠦᠯᠵᠢᠯᠡᠭᠦᠯᠬᠦ ᠦᠶ᠎ᠡ ᠳᠤ᠂ ᠳᠠᠪᠬᠤᠷᠳᠠᠭᠤᠯᠤᠨ ᠪᠤᠳᠤᠵᠤ ᠪᠣᠯᠣᠨ᠎ᠠ ᠤᠤ︖    ᠬᠠᠷᠢᠭᠤᠯᠲᠠ᠄ ᠪᠣᠯᠬᠤ ᠦᠭᠡᠢ᠃ ᠨᠢᠭᠡ ᠳᠠᠩᠰᠠᠯᠠᠭᠤᠯᠤᠭᠰᠠᠨ ᠬᠥᠮᠥᠨ ᠨᠢ ᠬᠤᠶᠠᠷ ᠠᠴᠠ ᠳᠡᠭᠡᠭᠰᠢ ᠳᠠᠩᠰᠠᠯᠠᠭᠤᠯᠤᠭᠰᠠᠨ ᠠᠵᠢᠯ ᠡᠷᠬᠢᠯᠡᠬᠦ ᠬᠢᠷᠢ ᠬᠡᠮ ᠲᠠᠢ ᠪᠠᠶᠢᠪᠠᠯ᠂ ᠵᠥᠪᠬᠡᠨ ᠨᠢᠭᠡ ᠯᠡ ᠲᠤᠰᠬᠠᠢ ᠮᠡᠷᠭᠡᠵᠢᠯ ᠤᠨ ᠳᠠᠩᠰᠠᠯᠠᠭᠤᠯᠤᠭᠰᠠᠨ ᠠᠵᠢᠯ ᠡᠷᠬᠢᠯᠡᠬᠦ ᠬᠢᠷᠢ ᠬᠡᠮ ᠢ ᠮᠠᠭᠠᠳᠯᠠᠨ ᠲᠣᠭᠲᠠᠭᠠᠨ᠎ᠠ᠃ ᠵᠢᠱᠢᠶᠡᠯᠡᠪᠡᠯ ᠨᠢᠭᠡ ᠳᠠᠩᠰᠠᠯᠠᠭᠤᠯᠤᠭᠰᠠᠨ ᠬᠥᠮᠥᠨ ᠨᠢ ᠳᠠᠩᠰᠠᠯᠠᠭᠤᠯᠤᠭᠰᠠᠨ ᠰᠢᠷᠣᠢ ᠮᠣᠳᠣᠨ ᠤ ᠢᠨᠵᠧᠨᠧᠷ ︵ᠴᠢᠯᠠᠭᠤᠯᠢᠭ ᠰᠢᠷᠣᠢ︶᠂ ᠨᠢᠭᠡᠳᠦᠭᠡᠷ ᠳᠡᠰ ᠤᠨ ᠳᠠᠩᠰᠠᠯᠠᠭᠤᠯᠤᠭᠰᠠᠨ ᠪᠦᠲᠦᠴᠡ ᠶᠢᠨ ᠢᠨᠵᠧᠨᠧᠷ ᠬᠤᠶᠠᠷ ᠳᠠᠩᠰᠠᠯᠠᠭᠤᠯᠤᠭᠰᠠᠨ ᠠᠵᠢᠯ ᠡᠷᠭᠢᠯᠡᠬᠦ ᠬᠢᠷᠢ ᠬᠡᠮ ᠲᠠᠢ ᠪᠠᠶᠢᠪᠠᠯ᠂ ᠬᠢᠷᠢ ᠬᠡᠮ ᠢ ᠦᠷᠭᠦᠯᠵᠢᠯᠡᠭᠦᠯᠬᠦ ᠦᠶ᠎ᠡ ᠳᠤ ᠵᠥᠪᠬᠡᠨ ᠨᠢᠭᠡ ᠶᠢ  ᠨᠢ ᠰᠣᠩᠭᠤᠨ ᠬᠡᠷᠡᠭᠯᠡᠵᠦ ᠪᠣᠯᠣᠨ᠎ᠠ᠃     ᠠᠰᠠᠭᠤᠨ ᠯᠠᠪᠯᠠᠬᠤ ᠬᠡᠯᠪᠡᠷᠢ ᠬᠡᠷᠪᠡ ᠰᠢᠢᠳᠪᠦᠷᠢᠯᠡᠬᠦ ᠶᠠᠪᠤᠴᠠ ᠳᠤ ᠪᠠᠰᠠ ᠬᠦᠴᠢᠷᠳᠡᠯ ᠲᠠᠢ ᠪᠠᠶᠢᠪᠠᠯ᠂ ᠲᠤᠤᠷᠠᠬᠢ ᠬᠡᠳᠦᠨ ᠲᠠᠯ᠎ᠠ ᠪᠠᠷ ᠰᠢᠢᠳᠪᠦᠷᠢᠯᠡᠵᠦ ᠪᠣᠯᠣᠨ᠎ᠠ᠄     1᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠤ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠤᠰᠬᠠᠢ ᠪᠤᠯᠤᠩ — ᠪᠠᠶᠢᠩᠭᠤ ᠲᠣᠬᠢᠶᠠᠯᠳᠤᠬᠤ ᠠᠰᠠᠭᠤᠳᠠᠯ ᠳᠤ ᠭᠠᠷᠴᠤ᠂ ᠬᠠᠮᠢᠶ᠎ᠠ ᠪᠦᠬᠦᠢ ᠠᠭᠤᠯᠭ᠎ᠠ ᠶᠢ ᠪᠠᠶᠢᠴᠠᠭᠠᠨ ᠯᠠᠪᠯᠠᠵᠦ ᠪᠤᠯᠤᠨ᠎ᠠ᠃     2᠂ ᠠᠰᠠᠭᠤᠨ ᠯᠠᠪᠯᠠᠬᠤ ᠤᠲᠠᠰᠤ ᠄ 0471-6945165 ︵ᠲᠦᠷᠦ ᠶᠢᠨ ᠪᠣᠳᠣᠯᠭ᠎ᠠ ᠶᠢᠨ ᠯᠠᠪᠯᠠᠯᠭ᠎ᠠ︶0471-6945092 ︵ᠲᠦᠷᠦ ᠶᠢᠨ ᠪᠣᠳᠣᠯᠭ᠎ᠠ ᠶᠢᠨ ᠯᠠᠪᠯᠠᠯᠭ᠎ᠠ︶ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠢᠩᠬᠢᠮ ‍ᠦᠨ‌ᠵᠠᠰᠠᠭ
Baidu
map