2022 ᠣᠨ ᠤ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠳᠤ ᠱᠠᠩᠨᠠᠯ ᠭᠥᠷᠳᠡᠭᠰᠡᠨ ᠨᠡᠷᠡᠰ ᠤᠨ ᠨᠡᠶᠢᠲᠡᠯᠡᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/6/12
    ᠥᠪᠦᠷ ᠪᠠᠶᠢᠭᠤᠯᠤᠯᠲᠠ ᠴᠢᠨᠠᠷ ﹇2023 ﹈ 113 ᠳ᠋ᠤᠭᠠᠷ ᠲᠣᠭᠠᠲᠤ    ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠲᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠷᠭ᠎ᠠ︾ ︵ᠥᠪᠥᠷ ᠪᠠᠶᠢᠭᠤᠯᠤᠯᠲᠠ ᠴᠢᠨᠠᠷ ﹇2021﹈ 100 ᠳ᠋ᠤᠭᠠᠷ ᠲᠣᠭᠠᠲᠤ︶᠂ ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠴᠢᠨᠠᠷ ﹇2023﹈ 36 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠢᠨᠠᠨ ᠲᠣᠭᠲᠠᠭᠠᠬᠤ᠂ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠯᠲᠠ ᠶᠢᠨ ᠠᠰᠠᠷ ᠵᠢᠴᠢ ᠳᠠᠭᠠᠯᠲᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 14 ᠵᠦᠢᠯ ᠤᠨ ᠢᠨᠵᠧᠨᠧᠷᠢᠩ ᠳᠤ 2022 ᠣᠨ ᠤ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠣᠯᠭᠤᠬᠤ ᠪᠠᠷ ᠲᠣᠭᠲᠠᠪᠠ᠃    ᠱᠠᠩᠨᠠᠯ ᠣᠯᠣᠭᠰᠠᠨ ᠨᠢᠭᠡᠴᠢ ᠪᠠ ᠬᠤᠪᠢ ᠬᠥᠮᠥᠨ ᠤᠯᠠᠮ ᠴᠢᠷᠮᠠᠶᠢᠵᠤ᠂ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠨᠵᠧᠨᠧᠷᠢᠩ ᠤᠨ ᠶᠠᠰᠤ ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠢᠨᠵᠧᠨᠧᠷᠢᠩ ᠤᠨ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠥᠨᠳᠥᠷ ᠬᠢᠷᠢ ᠲᠦᠪᠰᠢᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠬᠤ ᠶᠢ ᠬᠦᠰᠡᠵᠦ ᠪᠠᠶᠢᠨ᠎ᠠ᠃ᠳᠠᠭᠠᠯᠳᠤᠭᠤᠯᠤᠯ᠄ 2022 ᠣᠨ ᠤ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠳᠤ ᠱᠠᠩᠨᠠᠯ ᠭᠥᠷᠳᠡᠭᠰᠡᠨ ᠲᠥᠷᠥᠯ ᠵᠦᠢᠯ ᠤᠨ ᠨᠡᠷᠡᠰ 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ

                                       2023 ᠣᠨ ᠤ 6 ᠳ᠋ᠤᠭᠠᠷ ᠰᠠᠷ᠎ᠠ ᠶᠢᠨ 9 ᠤ ᠡᠳᠦᠷ

 

ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map