2023 ᠣᠨ ᠤ ᠬᠤᠷᠢᠨ ᠨᠢᠭᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/6/16
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠬᠤᠯᠪᠣᠭᠳᠠᠯ ᠪᠦᠬᠦᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2023 ᠣᠨ ᠤ ᠬᠤᠷᠢᠨ ᠨᠢᠭᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠮᠡᠳᠡᠭᠦᠯᠦᠯᠲᠡ ᠶᠢᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠣᠲᠣ ᠪᠠᠷᠢᠯᠭ᠎ᠠ ᠶᠢᠨ ᠦᠢᠯᠡᠰ ᠤᠨ 64 ᠠᠵᠤ ᠠᠬᠤᠶᠢᠯᠠᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ 4 ᠠᠵᠤ ᠠᠬᠤᠶᠢᠯᠠᠯ᠂ ᠪᠠᠷᠢᠯᠭ᠎ᠠ ᠶᠢᠨ ᠦᠢᠯᠡᠰ ᠤᠨ 97 ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 6 ᠳ᠋ᠤᠭᠠᠷ ᠰᠠᠷ᠎ᠠ ᠶᠢᠨ 22 ᠤᠨ ᠡᠳᠦᠷ ᠤᠨ 17 ᠴᠠᠭ 30 ᠮᠢᠨᠦ᠋ᠲ ᠲᠤ ᠳᠠᠭᠤᠰᠤᠨ᠎ᠠ᠂ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠣ ᠰᠠᠨᠠᠯ ᠲᠠᠢ ᠪᠤᠶᠤ ᠠᠰᠠᠭᠤᠳᠠᠯ ᠲᠠᠢ ᠪᠣᠯ ᠵᠥᠪᠲᠡᠭᠡᠨ ᠲᠣᠳᠣᠷᠬᠠᠶᠢᠯᠠᠵᠤ ᠪᠣᠯᠣᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ᠪᠠᠲᠤᠯᠠᠭᠳᠠᠭᠰᠠᠨ ᠦᠭᠡᠢ ᠠᠵᠤ ᠠᠬᠤᠶᠢᠯᠠᠯ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠢ ᠰᠠᠨᠠᠯ ᠢ ᠨᠢ ᠪᠠᠶᠢᠴᠠᠭᠠᠨ ᠦᠵᠡᠵᠦ ᠪᠣᠯᠣᠨ᠎ᠠ᠃    ᠶᠠᠮᠠᠷᠪᠠ ᠬᠤᠯᠪᠣᠭᠳᠠᠯ ᠪᠦᠬᠦᠢ ᠨᠢᠭᠡᠴᠢ ᠵᠢᠴᠢ ᠬᠤᠪᠢ ᠬᠥᠮᠥᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠣ ᠰᠠᠨᠠᠯ ᠲᠠᠢ ᠪᠠᠶᠢᠪᠠᠯ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠣᠨ᠎ᠠ᠂ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠬᠡᠷᠡᠭᠲᠡᠢ᠂ ᠬᠤᠪᠢ ᠬᠥᠮᠥᠨ ᠪᠠᠶᠢᠳᠠᠯ ᠢᠶᠠᠨ ᠲᠤᠰᠬᠠᠬᠤ ᠳᠤ ᠦᠨᠡᠨ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠳ᠋ᠤᠭᠠᠷ ᠢᠶᠠᠨ ᠦᠯᠡᠳᠡᠭᠡᠬᠦ ᠬᠡᠷᠡᠭᠲᠡᠢ᠃ ᠮᠠᠲ᠋ᠧᠷᠢᠶᠠᠯ ᠢ ᠰᠢᠤᠳᠠᠨ ᠢᠶᠠᠷ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠥᠨ ᠡᠷᠬᠡᠪᠰᠢ ᠬᠠᠷᠢᠯᠴᠠᠬᠤ ᠬᠡᠯᠪᠡᠷᠢ ᠪᠠᠨ ᠦᠯᠡᠳᠡᠭᠡᠵᠦ᠂ ᠬᠡᠷᠡᠭᠴᠡᠭᠡ ᠲᠠᠢ ᠵᠦᠢᠯ ᠳᠤ ᠪᠠᠨ ᠪᠡᠯᠡᠳᠬᠡᠬᠦ ᠬᠡᠷᠡᠭᠲᠡᠢ᠃    ᠬᠠᠷᠢᠯᠴᠠᠬᠤ ᠤᠲᠠᠰᠤ᠄ 0471-6945165    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠤᠮᠧᠷᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠠᠰᠠᠷ ᠤᠨ ᠶᠡᠷᠦᠩᠬᠡᠶᠢᠯᠡᠭᠰᠡᠨ ᠴᠣᠩᠬᠤ     ᠳᠠᠭᠠᠯᠳᠤᠭᠤᠯᠤᠯ᠄     1. ᠬᠤᠷᠢᠨ ᠨᠢᠭᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    2. ᠬᠤᠷᠢᠨ ᠨᠢᠭᠡᠳᠦᠭᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    3. ᠬᠤᠷᠢᠨ ᠨᠢᠭᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠪᠠᠶᠢᠴᠠᠭᠠᠭᠰᠠᠨ ᠰᠠᠨᠠᠯ                                        2023 ᠣᠨ ᠤ 6 ᠳ᠋ᠤᠭᠠᠷ ᠰᠠᠷ᠎ᠠ ᠶᠢᠨ 16 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map