2023 ᠣᠨ ᠤ ᠬᠤᠷᠢᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/6/9
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠬᠤᠯᠪᠣᠭᠳᠠᠯ ᠪᠦᠬᠦᠢ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠮᠠᠨ ᠤ ᠲᠢᠩᠬᠢᠮ ᠠᠴᠠ 2023 ᠣᠨ ᠤ ᠬᠤᠷᠢᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠦᠯᠬᠦ ᠵᠦᠢᠯᠡᠰ ᠤᠨ ᠮᠡᠳᠡᠭᠦᠯᠦᠯᠲᠡ ᠶᠢᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠣᠲᠣ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ 3 ᠠᠵᠤ ᠠᠬᠤᠶᠢᠯᠠᠯ᠂ ᠪᠠᠷᠢᠯᠭ᠎ᠠ ᠶᠢᠨ ᠦᠢᠯᠡᠰ ᠤᠨ 27 ᠠᠵᠤ ᠠᠬᠤᠶᠢᠯᠠᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ 6 ᠠᠵᠤ ᠠᠬᠤᠶᠢᠯᠠᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠶᠢᠨ ᠠᠵᠢᠯ ᠤᠨ ᠵᠢᠷᠤᠭ ᠢ ᠬᠢᠨᠠᠨ ᠪᠠᠶᠢᠴᠠᠭᠠᠬᠤ 1 ᠪᠠᠶᠢᠭᠤᠯᠤᠮᠵᠢ᠂ ᠪᠠᠷᠢᠯᠭ᠎ᠠ ᠶᠢᠨ ᠦᠢᠯᠡᠰ ᠤᠨ 63 ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ 2023 ᠣᠨ ᠤ 6 ᠳ᠋ᠤᠭᠠᠷ ᠰᠠᠷ᠎ᠠ ᠶᠢᠨ 15 ᠤ ᠡᠳᠦᠷ ᠤᠨ 17 ᠴᠠᠭ 30 ᠮᠢᠨᠦ᠋ᠲ ᠲᠤ ᠳᠠᠭᠤᠰᠤᠨ᠎ᠠ᠂ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠣ ᠰᠠᠨᠠᠯ ᠲᠠᠢ ᠪᠤᠶᠤ ᠠᠰᠠᠭᠤᠳᠠᠯ ᠲᠠᠢ ᠪᠣᠯ ᠵᠥᠪᠲᠡᠭᠡᠨ ᠲᠣᠳᠣᠷᠬᠠᠶᠢᠯᠠᠵᠤ ᠪᠣᠯᠣᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ᠪᠠᠲᠤᠯᠠᠭᠳᠠᠭᠰᠠᠨ ᠦᠭᠡᠢ ᠠᠵᠤ ᠠᠬᠤᠶᠢᠯᠠᠯ ᠪᠣᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠢ ᠰᠠᠨᠠᠯ ᠢ ᠨᠢ ᠪᠠᠶᠢᠴᠠᠭᠠᠨ ᠦᠵᠡᠵᠦ ᠪᠣᠯᠣᠨ᠎ᠠ᠃     ᠶᠠᠮᠠᠷᠪᠠ ᠬᠤᠯᠪᠣᠭᠳᠠᠯ ᠪᠦᠬᠦᠢ ᠨᠢᠭᠡᠴᠢ ᠵᠢᠴᠢ ᠬᠤᠪᠢ ᠬᠥᠮᠥᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠣ ᠰᠠᠨᠠᠯ ᠲᠠᠢ ᠪᠠᠶᠢᠪᠠᠯ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠣᠨ᠎ᠠ᠂ ᠨᠢᠭᠡᠴᠢ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠬᠡᠷᠡᠭᠲᠡᠢ᠂ ᠬᠤᠪᠢ ᠬᠥᠮᠥᠨ ᠪᠠᠶᠢᠳᠠᠯ ᠢᠶᠠᠨ ᠲᠤᠰᠬᠠᠬᠤ ᠳᠤ ᠦᠨᠡᠨ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠳ᠋ᠤᠭᠠᠷ ᠢᠶᠠᠨ ᠦᠯᠡᠳᠡᠭᠡᠬᠦ ᠬᠡᠷᠡᠭᠲᠡᠢ᠃ ᠮᠠᠲ᠋ᠧᠷᠢᠶᠠᠯ ᠢ ᠰᠢᠤᠳᠠᠨ ᠢᠶᠠᠷ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠥᠨ ᠡᠷᠬᠡᠪᠰᠢ ᠬᠠᠷᠢᠯᠴᠠᠬᠤ ᠬᠡᠯᠪᠡᠷᠢ ᠪᠠᠨ ᠦᠯᠡᠳᠡᠭᠡᠵᠦ᠂ ᠬᠡᠷᠡᠭᠴᠡᠭᠡ ᠲᠠᠢ ᠵᠦᠢᠯ ᠳᠤ ᠪᠠᠨ ᠪᠡᠯᠡᠳᠬᠡᠬᠦ ᠬᠡᠷᠡᠭᠲᠡᠢ᠃    ᠬᠠᠷᠢᠯᠴᠠᠬᠤ ᠤᠲᠠᠰᠤ᠄ 0471-6945165    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠶᠡᠷᠦᠩᠬᠡᠶᠢᠯᠡᠭᠰᠡᠨ ᠴᠣᠩᠬᠤ ᠳᠠᠭᠠᠯᠳᠤᠭᠤᠯᠤᠯ᠄    1. ᠬᠤᠷᠢᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ  ᠤᠨ ᠬᠢᠷᠢ ᠴᠢᠳᠠᠮᠵᠢ  ᠶᠢ ᠬᠢᠨᠠᠨ ᠪᠠᠶᠢᠴᠠᠭᠠᠭᠰᠠᠨ ᠰᠠᠨᠠᠯ    2. ᠬᠤᠷᠢᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    3. ᠬᠤᠷᠢᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    4. ᠬᠤᠷᠢᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    5. ᠬᠤᠷᠢᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ                                                  2023 ᠣᠨ ᠤ 6 ᠳ᠋ᠤᠭᠠᠷ ᠰᠠᠷ᠎ᠠ ᠶᠢᠨ 9 ᠤ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map