2023 ᠣᠨ ᠤ ᠬᠤᠷᠢᠨ ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠨᠡᠶᠢᠳᠡᠯᠡᠯ
ᠨᠡᠶᠢᠲᠡᠯᠡᠭᠰᠡᠨ ᠴᠠᠭ᠄
2023/7/1
    2023 ᠣᠨ ᠤ ᠬᠤᠷᠢᠨ ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠨᠡᠶᠢᠳᠡᠯᠡᠯ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2023 ᠣᠨ ᠤ ᠬᠤᠷᠢᠨ ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠲᠣ 9 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 6 ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ᠂ 198 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃     ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 7 ᠳ᠋ᠤᠭᠠᠷ ᠰᠠᠷ᠎ᠠ ᠶᠢᠨ 6 ᠤ ᠡᠳᠦᠷ ᠤᠨ 17 ᠴᠠᠭ 30 ᠮᠢᠨᠦ᠋ᠲ ᠪᠣᠯᠲᠠᠯ᠎ᠠ᠂ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠪᠠᠶᠢᠴᠠᠭᠠᠨ ᠦᠵᠡᠵᠦ ᠪᠣᠯᠤᠨ᠎ᠠ᠃    ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠢᠷᠡᠵᠦ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠰᠢᠦᠳᠠᠨ ᠢᠶᠠᠷ ᠢᠯᠡᠭᠡᠬᠦ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠬᠡᠷᠡᠭᠴᠡᠭᠡ ᠳᠤ ᠪᠠᠨ ᠪᠡᠯᠡᠳᠬᠡᠬᠦ ᠬᠡᠷᠡᠭᠲᠡᠶ᠃    ᠬᠠᠷᠢᠯᠴᠠᠬᠤ ᠤᠲᠠᠰᠤ᠄ 0471-6945165    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠣᠩᠬᠤᠪᠴᠢ    ᠳᠠᠭᠠᠯᠳᠤᠭᠤᠯᠤᠯ᠄     1. ᠬᠤᠷᠢᠨ ᠬᠤᠶᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    2. ᠬᠤᠷᠢᠨ ᠬᠤᠶᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠬᠤ ᠰᠠᠨᠠᠯ    3. ᠬᠤᠷᠢᠨ ᠬᠤᠶᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ                                                                                                                      2023 ᠣᠨ ᠤ 6 ᠳ᠋ᠤᠭᠠᠷ ᠰᠠᠷ᠎ᠠ ᠶᠢᠨ 30 ᠤ ᠡᠳᠦᠷ  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map