2023 ᠣᠨ ᠤ ᠬᠤᠷᠢᠨ ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ
ᠨᠡᠶᠢᠲᠡᠯᠡᠭᠰᠡᠨ ᠴᠠᠭ᠄
2023/7/14

    2023 ᠣᠨ ᠤ ᠬᠤᠷᠢᠨ ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ 

    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ

ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ

ᠶᠣᠰᠣᠭᠠᠷ᠂ ᠮᠠᠨ ᠤ ᠲᠢᠩᠬᠢᠮ ᠠᠴᠠ 2023 ᠣᠨ ᠤ ᠬᠤᠷᠢᠨ ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠮᠡᠳᠡᠭᠦᠯᠬᠦ

ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠲᠣ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ 2 ᠠᠵᠤ ᠠᠬᠤᠶᠢᠯᠠᠯ᠂ ᠪᠠᠷᠢᠯᠭ᠎ᠠ ᠶᠢᠨ ᠦᠢᠯᠡᠰ ᠤᠨ 4 ᠠᠵᠤ ᠠᠬᠤᠶᠢᠯᠠᠯ᠂

ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ 7 ᠠᠵᠤ ᠠᠬᠤᠶᠢᠯᠠᠯ᠂ 72 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ

ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ ᠵᠠᠩ ᠯᠢ ᠵᠢᠶᠦ᠋ᠨ ᠵᠡᠷᠭᠡ 1 ᠬᠥᠮᠦᠨ ᠢ ᠬᠤᠶᠠᠳᠤᠭᠠᠷ ᠳᠡᠰ ᠤᠨ ᠪᠠᠶᠢᠭᠤᠯᠤᠭᠴᠢ ᠶᠢ ᠬᠦᠴᠦᠨ ᠥᠬᠡᠶ ᠪᠣᠯᠭᠠᠬᠤ

ᠨᠥᠬᠦᠴᠡᠯ ᠳᠤ ᠨᠡᠶᠢᠴᠡᠬᠦ ᠬᠥᠮᠦᠰ ᠤᠨ ᠬᠢᠨᠠᠨ ᠪᠠᠶᠢᠴᠠᠭᠠᠭᠰᠠᠨ ᠰᠠᠨᠠᠯ ᠳᠤ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ

ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 7 ᠳ᠋ᠤᠭᠠᠷ ᠰᠠᠷ᠎ᠠ ᠶᠢᠨ 20 ᠤ ᠡᠳᠦᠷ ᠤᠨ 17 ᠴᠠᠭ 30 ᠮᠢᠨᠦ᠋ᠲ ᠪᠣᠯᠲᠠᠯ᠎ᠠ᠂ ᠵᠠᠷᠯᠠᠨ ᠨᠡᠶᠢᠲᠡᠯᠡᠭᠰᠡᠨ

ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ

ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠳᠤ ᠪᠣᠳᠠᠲᠠᠶ ᠰᠠᠨᠠᠯ ᠢ ᠪᠠᠶᠢᠴᠠᠭᠠᠨ ᠦᠵᠡᠵᠦ ᠪᠣᠯᠤᠨ᠎ᠠ᠃

    ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ

ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ

ᠴᠢᠬᠤᠯᠠᠲᠠᠶ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ

ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠰᠢᠦᠳᠠᠨ ᠢᠶᠠᠷ ᠢᠯᠡᠭᠡᠬᠦ ᠠᠵᠤ ᠠᠬᠤᠶᠢᠯᠠᠯ ᠪᠤᠶᠤ ᠬᠤᠪᠢ ᠬᠥᠮᠦᠨ

ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠬᠡᠷᠡᠭᠴᠡᠭᠡ ᠳᠤ ᠪᠠᠨ ᠪᠡᠯᠡᠳᠬᠡᠬᠦ ᠬᠡᠷᠡᠭᠲᠡᠶ᠃

    ᠬᠠᠷᠢᠯᠴᠠᠬᠤ ᠤᠲᠠᠰᠤ᠄ 0471-6945165

    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6

ᠨᠣᠮᠧᠷᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ

ᠴᠣᠩᠬᠤᠪᠴᠢ

    ᠳᠠᠭᠠᠯᠳᠤᠭᠤᠯᠤᠯ᠄

    1. ᠬᠤᠷᠢᠨ ᠳᠥᠷᠪᠡᠳᠦᠭᠡᠷ ᠪᠦᠯᠦᠭ  ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ

    2. ᠬᠤᠷᠢᠨ ᠳᠥᠷᠪᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ

    3. ᠬᠤᠷᠢᠨ ᠳᠥᠷᠪᠡᠳᠦᠭᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ

ᠪᠠᠶᠢᠴᠠᠭᠠᠭᠰᠠᠨ ᠰᠠᠨᠠᠯ

    4. ᠬᠤᠷᠢᠨ ᠳᠥᠷᠪᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ

ᠪᠠᠶᠢᠴᠠᠭᠠᠭᠰᠠᠨ ᠰᠠᠨᠠᠯ

    5. ᠬᠤᠶᠠᠳᠤᠭᠠᠷ ᠳᠡᠰ ᠤᠨ ᠪᠠᠷᠢᠯᠭᠠᠴᠢᠨ ᠤ ᠬᠦᠴᠦᠨ ᠥᠬᠡᠶ ᠪᠣᠯᠭᠠᠬᠤ ᠨᠥᠬᠦᠴᠡᠯ ᠳᠤ ᠨᠡᠶᠢᠴᠡᠬᠦ ᠵᠠᠩ ᠯᠢ ᠵᠢᠶᠦ᠋ᠨ ᠵᠡᠷᠭᠡ 1 ᠬᠥᠮᠦᠨ ᠤ ᠨᠡᠷ᠎ᠡ ᠶᠢᠨ

ᠪᠦᠷᠢᠳᠭᠡᠯ

 

                                                            2023 ᠣᠨ ᠤ 7 ᠳ᠋ᠤᠭᠠᠷ ᠰᠠᠷ᠎ᠠ ᠶᠢᠨ 14 ᠤ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map