2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠳᠡᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢᠨ ᠪᠠᠶᠢᠳᠠᠯ ᠤᠨ ᠲᠤᠬᠠᠶ ᠨᠡᠶᠢᠳᠡᠯᠡᠯ
ᠨᠡᠶᠢᠲᠡᠯᠡᠭᠰᠡᠨ ᠴᠠᠭ᠄
2023/7/26
    ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠳᠥᠷᠪᠡᠨ ᠶᠠᠮᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠬᠦ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠮᠠᠨ ᠤ ᠣᠷᠣᠨ ᠤ ᠪᠣᠬᠢᠷ ᠦᠮᠡᠬᠡᠶ ᠤᠰᠤᠨ ᠴᠣᠭᠴᠠ ᠶᠢᠨ ᠪᠠᠶᠢᠳᠠᠯ ᠢ ᠨᠡᠶᠢᠲᠡᠯᠡᠵᠡᠶ᠄ ᠣᠲᠣ ᠪᠣᠯᠲᠠᠯ᠎ᠠ᠂ ᠪᠥᠬᠦ ᠣᠷᠣᠨ ᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠠᠶᠢᠭᠤᠯᠤᠯᠲᠠ ᠶᠢᠨ ᠲᠤᠭᠤᠷᠢᠭ ᠤᠨ ᠭᠤᠤᠯ ᠮᠥᠷᠡᠨ 44 ᠵᠤᠷᠪᠤᠰ᠂ ᠤᠰᠤᠨ ᠣᠷᠣᠨ ᠤ 2 ᠬᠡᠰᠡᠭ ᠠᠴᠠ ᠪᠣᠬᠢᠷ ᠦᠮᠡᠬᠡᠶ ᠪᠠᠶᠢᠳᠠᠯ ᠤᠨ ᠳᠠᠬᠢᠯᠲᠠ ᠵᠢᠴᠢ ᠰᠢᠨ᠎ᠡ ᠪᠠᠷ ᠨᠡᠮᠡᠭᠳᠡᠭᠰᠡᠨ ᠪᠣᠬᠢᠷ ᠦᠮᠡᠬᠡᠶ ᠦᠵᠡᠭᠳᠡᠯ ᠢ ᠢᠯᠡᠷᠡᠭᠦᠯᠦᠭᠰᠡᠨ ᠥᠬᠡᠶ᠃    ᠨᠡᠶᠢᠲᠡᠯᠡᠬᠦ ᠬᠤᠭᠤᠴᠠᠭ᠎ᠠ᠄ 2023 ᠣᠨ ᠤ 7 ᠳ᠋ᠤᠭᠠᠷ ᠰᠠᠷ᠎ᠠ ᠶᠢᠨ 26 ᠤ ᠡᠳᠦᠷ ᠠᠴᠠ 2023 ᠣᠨ ᠤ 8 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠃ ᠢᠯᠡ ᠨᠡᠶᠢᠲᠡᠯᠡᠬᠦ ᠬᠤᠭᠤᠴᠠᠭᠠᠨ ᠳᠤ ᠣᠨᠳᠣᠣ ᠰᠠᠨᠠᠯ ᠲᠠᠢ ᠪᠣᠯ᠂ ᠤᠲᠠᠰᠤ ᠪᠤᠶᠤ ᠵᠠᠬᠢᠳᠠᠯ ᠢᠷᠡᠭᠦᠯᠵᠦ ᠬᠠᠷᠢᠭᠤ ᠲᠤᠰᠬᠠᠵᠤ ᠪᠣᠯᠤᠨ᠎ᠠ᠃    ᠤᠲᠠᠰᠤ᠄ 0471- 6945376        ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ                                                                    2023 ᠣᠨ ᠤ 7 ᠳ᠋ᠤᠭᠠᠷ ᠰᠠᠷ᠎ᠠ ᠶᠢᠨ 26 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map