2022 ᠣᠨ ᠤ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠪᠠᠷᠢᠬᠤ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠬᠥᠬᠢᠭᠦᠯᠦᠨ ᠰᠠᠶᠢᠰᠢᠶᠠᠬᠤ ᠲᠤᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠲᠡᠯᠡᠯ
ᠨᠡᠶᠢᠲᠡᠯᠡᠭᠰᠡᠨ ᠴᠠᠭ᠄
2023/8/10
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠪᠠᠷᠢᠬᠤ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠰᠢᠯᠭᠠᠷᠠᠭᠤᠯᠬᠤ ᠠᠷᠭ᠎ᠠ︾ ︵ᠥᠪᠥᠷ ᠪᠦᠲᠦᠭᠡᠨ ᠪᠠᠶᠢᠭᠤᠯᠤᠯᠲᠠ ﹇2013﹈ 666 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ ᠂ ᠮᠠᠨ ᠤ ᠲᠢᠩᠬᠢᠮ ᠨᠢ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠶᠢᠨ ᠣᠷᠣᠨ ᠰᠠᠭᠤᠴᠠ ᠪᠠ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠵᠢᠴᠢ ᠬᠤᠷᠠᠯ ᠳᠡᠭᠡᠷ᠎ᠡ ᠰᠤᠳᠤᠯᠵᠤ᠂ ᠰᠢᠨ᠎ᠡ ᠪᠠᠷ ᠨᠡᠭᠡᠭᠡᠨ ᠬᠥᠭᠵᠢᠭᠦᠯᠬᠦ ᠪᠠᠩᠬᠢ ᠶᠢᠨ ᠵᠢᠭᠡᠯᠡᠯᠭᠡ ᠶᠢᠨ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠭᠠᠷ ᠠᠶᠠᠯᠠᠯ ᠤᠨ ᠥᠷᠲᠡᠭᠡ ᠶᠢᠨ ᠣᠷᠣᠨ ᠤ ᠨᠢᠭᠡᠳᠦᠭᠡᠷ ᠪᠠᠷᠢᠮᠵᠢᠶᠠᠲᠤ ᠬᠡᠰᠡᠭ ᠤᠨ ᠪᠠᠷᠢᠯᠭ᠎ᠠ ᠪᠠᠷᠢᠬᠤ ᠶᠡᠷᠦᠩᠬᠡᠶ ᠳᠠᠭᠠᠭᠠᠴᠢᠯᠠᠯᠲᠠ ᠶᠢᠨ ᠲᠥᠷᠥᠯ ᠵᠦᠢᠯ ᠵᠡᠷᠭᠡ 154 ᠪᠠᠷᠢᠯᠭ᠎ᠠ ᠶᠢᠨ ᠭᠠᠵᠠᠷ ᠢ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠪᠠᠷᠢᠬᠤ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠪᠣᠯᠭᠠᠬᠤ ᠭᠡᠵᠦ ᠪᠠᠶᠢᠭ᠎ᠠ ᠲᠤᠯᠠ ᠡᠳᠦᠭᠡ ᠵᠠᠷᠯᠠᠨ ᠨᠡᠶᠢᠲᠡᠯᠡᠬᠦ ᠪᠠᠷ ᠪᠠᠶᠢᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 8 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ᠃    ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠷᠪᠡ ᠢᠯᠡ ᠨᠡᠶᠢᠲᠡᠯᠡᠬᠦ ᠲᠥᠷᠥᠯ ᠵᠦᠢᠯ ᠳᠤ ᠣᠨᠳᠣᠤ ᠰᠠᠨᠠᠯ ᠲᠠᠢ ᠪᠠᠶᠢᠪᠠᠯ᠂ ᠪᠢᠴᠢᠭᠯᠡᠭᠰᠡᠨ ᠰᠠᠨᠠᠯ ᠢᠶᠠᠨ ᠳᠤᠷᠠᠳᠴᠤ ᠪᠣᠯᠤᠨ᠎ᠠ᠃ ᠨᠢᠭᠡᠴᠢ ᠶᠢᠨ ᠰᠠᠨᠠᠯ ᠨᠢ ᠡᠷᠬᠡᠪᠰᠢ ᠲᠠᠮᠠᠭ᠎ᠠ ᠪᠠᠨ ᠳᠠᠷᠤᠬᠤ ᠬᠡᠷᠡᠭᠲᠡᠶ᠂ ᠬᠤᠪᠢ ᠬᠥᠮᠦᠨ ᠤ ᠰᠠᠨᠠᠯ ᠨᠢ ᠡᠷᠬᠡᠪᠰᠢ ᠪᠣᠳᠠᠲᠠᠶ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠪᠠ ᠬᠠᠷᠢᠯᠴᠠᠬᠤ ᠤᠲᠠᠰᠤ ᠪᠠᠨ ᠲᠣᠳᠣᠷᠬᠠᠶ ᠪᠢᠴᠢᠬᠦ ᠬᠡᠷᠡᠭᠲᠡᠶ᠃    ᠬᠠᠷᠢᠯᠴᠠᠬᠤ ᠤᠲᠠᠰᠤ᠄ 0471-6610118    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠤ ᠵᠡᠭᠦᠨ ᠵᠡᠭᠡᠯᠢ ᠶᠢᠨ 15 ᠳ᠋ᠤᠭᠠᠷ ᠨᠣᠮᠧᠷ ᠤᠨ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ    ᠰᠢᠦᠳᠠᠨ ᠨᠣᠮᠧᠷ᠄ 010020    ᠳᠠᠭᠠᠯᠳᠤᠭᠤᠯᠤᠯ᠄ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠪᠠᠷᠢᠬᠤ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠨᠡᠷ᠎ᠡ ᠶᠢᠨ ᠪᠦᠷᠢᠳᠭᠡᠯ                                                                              2023 ᠣᠨ ᠤ 8 ᠳ᠋ᠤᠭᠠᠷ ᠰᠠᠷ᠎ᠠ ᠶᠢᠨ 10 ᠤ ᠡᠳᠦᠷ 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map