ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ 2023 ᠣᠨ ᠤ ᠬᠤᠷᠢᠨ ᠨᠠᠢᠮᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠵᠠᠷᠯᠠᠨ ᠨᠡᠶᠢᠳᠡᠯᠡᠯ
ᠨᠡᠶᠢᠲᠡᠯᠡᠭᠰᠡᠨ ᠴᠠᠭ᠄
2023/8/11
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ 2023 ᠣᠨ ᠤ ᠬᠤᠷᠢᠨ ᠨᠠᠢᠮᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠵᠠᠷᠯᠠᠨ ᠨᠡᠶᠢᠳᠡᠯᠡᠯ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2023 ᠣᠨ ᠤ ᠬᠤᠷᠢᠨ ᠨᠠᠢᠮᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠲᠣ 1 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 6 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 1 ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 69 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 8 ᠳ᠋ᠤᠭᠠᠷ ᠰᠠᠷ᠎ᠠ ᠶᠢᠨ 17 ᠤ ᠡᠳᠦᠷ ᠤᠨ 17 ᠴᠠᠭ 30 ᠮᠢᠨᠦ᠋ᠲ ᠪᠣᠯᠲᠠᠯ᠎ᠠ᠂ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠳᠤ ᠪᠣᠳᠠᠲᠠᠶ ᠰᠠᠨᠠᠯ ᠢ ᠪᠠᠶᠢᠴᠠᠭᠠᠨ ᠦᠵᠡᠵᠦ ᠪᠣᠯᠤᠨ᠎ᠠ᠃    ᠠᠯᠢᠪᠠ ᠬᠠᠮᠢᠶ᠎ᠠ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠰᠢᠦᠳᠠᠨ ᠢᠶᠠᠷ ᠢᠯᠡᠭᠡᠬᠦ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠬᠡᠷᠡᠭᠴᠡᠭᠡ ᠳᠡᠭᠡᠨ ᠪᠡᠯᠡᠳᠬᠡᠬᠦ ᠬᠡᠷᠡᠭᠲᠡᠶ᠃    ᠬᠠᠷᠢᠯᠴᠠᠬᠤ ᠤᠲᠠᠰᠤ᠄ 0471—6945165    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠣᠩᠬᠤ     ᠳᠠᠭᠠᠯᠳᠤᠭᠤᠯᠤᠯ᠄     1. ᠬᠤᠷᠢᠨ ᠨᠠᠢᠮᠠᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ    2. ᠬᠤᠷᠢᠨ ᠨᠠᠢᠮᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    3. ᠬᠤᠷᠢᠨ ᠨᠠᠢᠮᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    4. ᠬᠤᠷᠢᠨ ᠨᠠᠢᠮᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ                                                             2023 ᠣᠨ ᠤ 8 ᠳ᠋ᠤᠭᠠᠷ ᠰᠠᠷ᠎ᠠ ᠶᠢᠨ 11 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map