ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ 0432 ᠳ᠋ᠤᠭᠠᠷ ᠲᠣᠭᠠᠲᠤ ᠰᠠᠨᠠᠯ ᠳᠤᠷᠠᠳᠤᠯᠭ᠎ᠠ ᠶᠢᠨ ᠲᠤᠬᠠᠢ ᠥᠭᠬᠦ ᠬᠠᠷᠢᠭᠤᠯᠲᠠ
ᠨᠡᠶᠢᠲᠡᠯᠡᠭᠰᠡᠨ ᠴᠠᠭ᠄
2023/9/14
    ᠥᠪᠥᠷ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠠᠬᠢᠳᠠᠯ ﹇ 2023﹈ 495 ᠳ᠋ᠤᠭᠠᠷ ᠲᠣᠭᠠᠲᠤ ᠭᠡᠰᠢᠭᠦᠨ ᠶᠤᠸᠠᠨ ᠶᠦᠩ ᠱᠧᠩ ᠳᠤ᠄     ᠲᠠᠨ ᠤ ᠳᠤᠷᠠᠳᠤᠭᠰᠠᠨ ︽ᠮᠠᠨ ᠤ ᠣᠷᠣᠨ ᠤ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠳᠠᠬᠢ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠶ ᠰᠠᠨᠠᠯ ᠳᠤᠷᠠᠳᠤᠯᠭ᠎ᠠ︾ ᠶᠢ ᠣᠯᠵᠤ ᠲᠣᠰᠪᠠ᠂ ᠡᠳᠦᠭᠡ ᠳᠣᠤᠷᠠᠬᠢ ᠮᠡᠲᠦ ᠬᠠᠷᠢᠭᠤᠯᠲᠠ ᠶᠢ ᠥᠭᠬᠦ ᠪᠠᠷ ᠪᠣᠢ᠄    ᠣᠶᠢᠷ᠎ᠠ ᠶᠢᠨ ᠵᠢᠯ  ᠳᠤ᠂ ᠮᠠᠨ ᠤ ᠲᠢᠩᠬᠢᠮ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠤᠶᠤᠨᠴᠢᠯᠠᠭᠰᠠᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠨᠢᠭᠡ ᠳᠤ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠠᠪᠴᠠᠩ ᠤᠨ ᠪᠠᠶᠢᠭᠤᠯᠤᠯᠲᠠ ᠨᠢᠭᠡᠨᠲᠡ ᠲᠥᠷᠥᠯ ᠵᠦᠢᠯ ᠲᠣᠭᠲᠠᠭᠠᠬᠤ ᠱᠠᠲᠤᠨ ᠳᠤ ᠣᠷᠣᠵᠤ᠂ 12 ᠠᠶᠢᠮᠠᠭ ᠬᠤᠲᠠ ᠨᠢᠭᠡᠨᠲᠡ ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦᠨ ᠢ ᠪᠡᠶᠡᠯᠡᠭᠦᠯᠵᠦ᠂ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠦᠬᠠᠶ ᠬᠤᠲᠠ ᠵᠢᠴᠢ ᠠᠯᠠᠱᠠ ᠠᠶᠢᠮᠠᠭ ᠵᠡᠷᠭᠡ 5 ᠠᠶᠢᠮᠠᠭ ᠬᠤᠲᠠ ᠨᠢᠭᠡᠨᠲᠡ ᠲᠠᠪᠴᠠᠩ ᠤᠨ ᠪᠠᠶᠢᠭᠤᠯᠤᠯᠲᠠ ᠶᠢ ᠠᠬᠢᠭᠤᠯᠪᠠ᠃ ᠬᠤᠶᠠᠷ ᠲᠤ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ︽ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠦᠯ︾ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠪᠠ᠃ ᠡᠯ᠎ᠡ ᠠᠶᠢᠮᠠᠭ ᠬᠤᠲᠠ ᠨᠢ ᠬᠤᠲᠠ ᠶᠢᠨ ᠬᠠᠭᠤᠴᠢᠨ ᠬᠤᠭᠤᠯᠠᠶ ᠭᠤᠤᠷᠰᠤ ᠶᠢᠨ ᠲᠣᠤᠷ ᠢ ᠰᠢᠨᠡᠳᠬᠡᠨ ᠥᠭᠡᠷᠡᠴᠢᠯᠡᠬᠦ ᠲᠠᠢ ᠤᠶᠠᠯᠳᠤᠭᠤᠯᠵᠤ᠂ ᠬᠤᠲᠠ ᠶᠢᠨ ᠠᠮᠢ ᠨᠠᠰᠤᠨ ᠤ ᠱᠤᠭᠤᠮ ᠤᠨ ᠠᠶᠤᠯᠭᠦᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠡᠬᠢᠯᠡᠬᠦᠯᠪᠡ᠃ ᠭᠤᠷᠪᠠ ᠳᠤ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠶᠢᠨ ᠬᠢᠨ CIM ᠲᠠᠪᠴᠠᠩ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠬᠢᠨᠠᠨ ᠰᠢᠨᠵᠢᠬᠦ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ ᠠᠬᠢᠭᠤᠯᠵᠤ᠂ ᠮᠠᠨ ᠤ ᠣᠷᠣᠨ ᠤ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠪᠣᠶ ᠪᠣᠯᠭᠠᠬᠤ ᠶᠢ ᠠᠬᠢᠭᠤᠯᠤᠨ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠭᠤᠯᠬᠤ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠪᠡᠶᠡᠯᠡᠬᠦᠯᠪᠡ ᠃    ᠮᠠᠨ ᠤ ᠲᠢᠩᠬᠢᠮ ᠰᠢᠰᠲ᠋ᠧᠮ ᠤᠨ ᠪᠠᠶᠢᠭᠤᠯᠤᠯᠲᠠ᠂ ᠬᠡᠷᠡᠭᠯᠡᠬᠦ ᠶᠠᠪᠤᠴᠠ ᠳᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠪᠠ᠃ ᠨᠢᠭᠡ ᠳᠤ᠂ ᠲᠤᠭ᠎ᠠ ᠪᠠᠷᠢᠮᠲᠠ ᠳᠤ ᠭᠠᠳᠠᠷ ᠲᠤᠰᠠᠭᠠᠷᠯᠠᠯ ᠤᠨ ᠹᠢᠽᠢᠺ ᠤᠨ ᠲᠠᠷᠬᠠᠯᠲᠠ ᠶᠢᠨ ᠬᠠᠳᠠᠭᠠᠯᠠᠬᠤ ᠠᠷᠭ᠎ᠠ ᠬᠡᠯᠪᠡᠷᠢ ᠶᠢ ᠬᠡᠷᠡᠭᠯᠡᠬᠦ ᠶᠢᠨ ᠬᠠᠮᠲᠤ ᠪᠦᠷᠢᠨ ᠲᠡᠭᠦᠯᠳᠡᠷ ᠠᠵᠢᠯᠯᠠᠬᠤ ᠬᠢᠨᠠᠨ ᠪᠤᠳᠤᠬᠤ ᠵᠢᠴᠢ ᠰᠢᠯᠭᠠᠨ ᠲᠣᠭᠲᠠᠭᠠᠬᠤ ᠡᠷᠬᠡ ᠶᠢᠨ ᠵᠣᠬᠢᠴᠠᠮᠵᠢ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠰᠢᠰᠲ᠋ᠧᠮ ᠤᠨ ᠲᠤᠭ᠎ᠠ ᠪᠠᠷᠢᠮᠲᠠ ᠶᠢ ᠬᠠᠳᠠᠭᠠᠯᠠᠬᠤ ᠵᠢᠴᠢ ᠪᠣᠯᠪᠠᠰᠤᠷᠠᠭᠤᠯᠬᠤ ᠠᠮᠤᠷ ᠲᠦᠪᠰᠢᠨ ᠢ ᠪᠠᠲᠤᠯᠠᠪᠠ᠃ ᠬᠤᠶᠠᠷ ᠲᠤ᠂ ᠲᠤᠭ᠎ᠠ ᠪᠠᠷᠢᠮᠲᠠ ᠶᠢ ᠨᠢᠭᠤᠴᠠᠯᠠᠬᠤ ᠰᠢᠢᠳᠪᠦᠷᠢᠯᠡᠯᠲᠡ ᠬᠢᠵᠦ᠂ ᠲᠤᠭ᠎ᠠ ᠪᠠᠷᠢᠮᠲᠠ ᠶᠢ ᠬᠠᠳᠠᠭᠠᠯᠠᠬᠤ ᠪᠠ ᠲᠤᠭ᠎ᠠ ᠪᠠᠷᠢᠮᠲᠠ ᠶᠢ ᠳᠠᠮᠵᠢᠭᠤᠯᠬᠤ ᠬᠤᠶᠠᠷ ᠭᠤᠭᠴᠤᠭ᠎ᠠ ᠶᠢ ᠪᠠᠭᠲᠠᠭᠠᠪᠠ᠃ ᠭᠤᠷᠪᠠ ᠳᠤ᠂ ᠲᠤᠭ᠎ᠠ ᠪᠠᠷᠢᠮᠲᠠ ᠶᠢᠨ ᠰᠤᠷᠪᠤᠯᠵᠢᠯᠠᠭ᠎ᠠ ᠶᠢ ᠡᠷᠬᠡ ᠮᠡᠳᠡᠯ ᠤᠨ ᠬᠠᠮᠢᠶᠠᠷᠤᠯᠲᠠ ᠶᠢ ᠡᠷᠬᠡ ᠪᠠᠷ ᠬᠠᠮᠢᠶᠠᠷᠬᠤ ᠪᠠᠷ ᠳᠠᠮᠵᠢᠭᠤᠯᠤᠨ ᠲᠤᠭ᠎ᠠ ᠪᠠᠷᠢᠮᠲᠠ ᠶᠢ ᠰᠤᠷᠪᠤᠯᠵᠢᠯᠠᠬᠤ ᠶᠢ ᠴᠢᠩᠭ᠎ᠠ ᠬᠢᠵᠠᠭᠠᠷᠯᠠᠵᠤ᠂ ᠲᠤᠭ᠎ᠠ ᠪᠠᠷᠢᠮᠲᠠ ᠶᠢ ᠬᠠᠮᠠᠭᠠᠯᠠᠬᠤ ᠪᠠ ᠡᠵᠡᠮᠳᠡᠬᠦ ᠶᠢ ᠪᠡᠶᠡᠯᠡᠭᠦᠯᠪᠡ᠃ ᠳᠥᠷᠪᠡ ᠳᠤ᠂ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠥᠭᠡᠴᠡᠯᠡᠵᠦ᠂ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠵᠥᠪ ᠪᠠᠶᠢᠳᠠᠯ ᠳᠤ ᠣᠷᠣᠭᠤᠯᠬᠤ ᠶᠢ ᠦᠨᠡᠨ ᠬᠦ ᠪᠠᠲᠤᠯᠠᠪᠠ᠃ ᠲᠠᠪᠤ ᠳᠤ᠂ ᠲᠤᠭ᠎ᠠ ᠪᠠᠷᠢᠮᠲᠠ ᠶᠢ ᠬᠠᠮᠲᠤ  ᠪᠠᠷ ᠡᠳ᠋ᠯᠡᠬᠦ ᠲᠠᠯ᠎ᠠ ᠪᠠᠷ᠂ ᠲᠤᠭ᠎ᠠ ᠪᠠᠷᠢᠮᠲᠠ ᠶᠢ ᠬᠠᠩᠭᠠᠬᠤ ᠲᠠᠯ᠎ᠠ ᠪᠠᠷ᠂ ᠬᠡᠷᠡᠭᠯᠡᠭᠴᠢ ᠶᠢᠨ ᠲᠠᠯ᠎ᠠ ᠶᠢᠨ ᠰᠦᠯᠵᠢᠶᠡᠨ ᠤ ᠬᠠᠷᠢᠯᠴᠠᠨ ᠨᠡᠪᠲᠡᠷᠡᠯᠴᠡᠬᠦ ᠳᠤ ᠴᠢᠩᠭ᠎ᠠ ᠠᠷᠭ᠎ᠠ ᠪᠣᠳᠣᠯᠭ᠎ᠠ ᠶᠢᠨ ᠬᠠᠮᠢᠶᠠᠷᠤᠯᠲᠠ ᠡᠵᠡᠮᠳᠡᠯ ᠭᠠᠷᠭᠠᠪᠠ᠃    ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠠᠭᠢᠴᠠ ᠪᠠ ᠠᠮᠤᠷ ᠲᠦᠪᠰᠢᠨ ᠤ ᠠᠵᠢᠯᠯᠠᠭᠠᠨ ᠢ ᠪᠠᠲᠤᠯᠠᠨ᠎ᠠ᠃     ᠭᠠᠷ ᠤᠨ ᠦᠰᠦᠭ ᠵᠢᠷᠤᠭᠴᠢ᠄ ᠢᠦᠶ ᠰᠢᠨ ᠹᠠᠩ     ᠳᠠᠭᠠᠭᠠᠨ ᠠᠪᠴᠤ ᠭᠦᠢᠴᠡᠳᠭᠡᠬᠦ ᠰᠠᠯᠠᠭ᠎ᠠ ᠮᠦᠴᠢᠷ᠄ ᠬᠤᠲᠠ ᠶᠢᠨ ᠬᠠᠮᠢᠶᠠᠷᠤᠯᠲᠠ ᠶᠢᠨ ᠭᠠᠵᠠᠷ     ᠬᠠᠷᠢᠯᠴᠠᠬᠤ ᠬᠥᠮᠥᠨ᠄ ᠰᠦ ᠶᠠ     ᠬᠠᠷᠢᠯᠴᠠᠬᠤ ᠤᠲᠠᠰᠤ᠄ 0471-3474995      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ        2023 ᠣᠨ ᠤ 8 ᠳ᠋ᠤᠭᠠᠷ ᠰᠠᠷ᠎ᠠ ᠶᠢᠨ 28 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠ᠊
Baidu
map