ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ 0250 ᠳ᠋ᠤᠭᠠᠷ ᠲᠣᠭᠠᠲᠤ ᠰᠠᠨᠠᠯ ᠳᠤᠷᠠᠳᠤᠯᠭ᠎ᠠ ᠶᠢᠨ ᠲᠤᠬᠠᠢ ᠥᠭᠬᠦ ᠬᠠᠷᠢᠭᠤᠯᠲᠠ
ᠨᠡᠶᠢᠲᠡᠯᠡᠭᠰᠡᠨ ᠴᠠᠭ᠄
2023/9/18
    ᠥᠪᠥᠷ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠠᠬᠢᠳᠠᠯ ﹇ 2023﹈ 494 ᠳ᠋ᠤᠭᠡᠷ ᠲᠣᠭᠠᠲᠤ ᠭᠡᠰᠢᠭᠦᠨ ᠴᠧᠨ ᠪᠦᠦ ᠢᠦᠶ ᠳᠤ᠄     ᠲᠠᠨ ᠤ ᠳᠤᠷᠠᠳᠤᠭᠰᠠᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠤᠲᠠ ᠶᠢᠨ ᠬᠡᠪᠴᠢᠶᠡᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠰᠠᠨᠠᠯ ᠳᠤᠷᠠᠳᠤᠯᠭ᠎ᠠ︾ ᠶᠢ ᠣᠯᠵᠤ ᠲᠤᠰᠪᠠ᠂ ᠡᠳᠦᠭᠡ ᠳᠣᠣᠷᠠᠬᠢ ᠮᠡᠲᠦ ᠬᠠᠷᠢᠭᠤᠯᠲᠠ ᠶᠢ ᠥᠭᠬᠦ ᠪᠠᠷ ᠪᠣᠢ᠄    ᠣᠶᠢᠷ᠎ᠠ ᠶᠢᠨ ᠵᠢᠯ ᠳᠤ᠂ ᠮᠠᠨ ᠤ ᠲᠢᠩᠬᠢᠮ ᠶᠡᠷᠦᠩᠬᠡᠢ ᠱᠦᠵᠢ ᠰᠢ ᠶᠢᠨ ᠫᠢᠩ ᠤᠨ ᠬᠤᠳᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠸᠠᠷ ᠬᠠᠳᠬᠤᠬᠤ ᠡᠷᠳᠡᠮ ᠢ ᠭᠦᠢᠴᠡᠳ ᠲᠠᠯᠪᠢᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠪᠠᠶᠢᠩᠭᠤ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ᠂ ᠲᠡᠰ ᠳᠡᠪᠰᠢᠬᠦ ᠶᠢ ᠲᠠᠰᠤᠷᠠᠯᠳᠠ ᠦᠭᠡᠢ ᠠᠬᠢᠭᠤᠯᠪᠠ᠃ ᠨᠢᠭᠡ ᠳᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠡᠭᠦᠷᠭᠡ ᠶᠢ ᠵᠠᠳᠠᠯᠬᠤ᠂ ᠬᠠᠷᠠᠯᠲᠠ ᠶᠢ ᠰᠢᠯᠭᠠᠨ ᠬᠢᠨᠠᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠪᠠᠶᠢᠳᠠᠯ ᠢ ᠮᠡᠳᠡᠭᠡᠯᠡᠬᠦ ᠵᠡᠷᠭᠡ ᠠᠬᠢᠭᠤᠯᠬᠤ ᠵᠣᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠴᠤᠭ ᠢᠶᠠᠷ ᠠᠳᠬᠤᠨ ᠬᠠᠮᠲᠤ  ᠪᠠᠷ ᠬᠠᠮᠢᠶᠠᠷᠬᠤ᠂ ᠬᠠᠮᠵᠢᠯᠴᠠᠨ ᠬᠥᠳᠡᠯᠦᠯᠴᠡᠬᠦ ᠬᠠᠮᠢᠶᠠᠷᠤᠯᠲᠠ ᠶᠢᠨ ᠪᠠᠶᠢᠷᠢᠰᠢᠯ ᠢ ᠪᠣᠶ ᠪᠣᠯᠭᠠᠪᠠ᠃ ᠬᠤᠶᠠᠷ ᠲᠤ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ᠂ ᠨᠡᠶᠢᠭᠡᠮ ᠤᠨ ᠶᠡᠷᠦᠩᠬᠡᠶᠢᠯᠡᠨ ᠵᠠᠰᠠᠬᠤ᠂ ᠬᠤᠲᠠ ᠶᠢᠨ ᠬᠠᠮᠢᠶᠠᠷᠤᠯᠲᠠ ᠵᠡᠷᠭᠡ ᠬᠦᠷᠢᠶᠡᠨ ᠳᠠᠬᠢ ︽ᠣᠯᠠᠨ ᠲᠤᠤᠷᠵᠢᠯ ᠤᠨ ᠠᠭᠤᠰᠤᠯᠴᠠᠯ︾ ᠢ ᠠᠬᠢᠭᠤᠯᠵᠤ᠂ ᠵᠣᠬᠢᠴᠠᠮᠵᠢ ᠲᠠᠢ᠂ ᠪᠠᠷᠢᠮᠵᠢᠶ᠎ᠠ ᠲᠠᠢ᠂ ᠡᠩᠨᠡᠭᠡ ᠲᠠᠢ᠂ ᠰᠢᠯᠭᠠᠨ ᠬᠢᠨᠠᠯᠲᠠ ᠲᠠᠢ᠂ ᠲᠠᠪᠴᠠᠩ ᠲᠠᠢ᠂ ᠲᠤᠭ᠎ᠠ ᠪᠠᠷᠢᠮᠲᠠ ᠲᠠᠢ ᠬᠠᠪᠲᠠᠭᠠᠶᠢᠷᠠᠭᠰᠠᠨ᠂ ᠪᠢᠲᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠬᠦᠯᠪᠡ᠃ ᠬᠥᠬᠡᠬᠤᠲᠠ ︽ᠶᠡᠷᠦᠩᠬᠡᠶᠢᠯᠡᠨ ᠵᠠᠰᠠᠬᠤ ᠲᠥᠪ + ᠲᠣᠣᠷᠵᠢᠭᠤᠯᠤᠯᠲᠠ︾ ᠶᠢᠨ ᠵᠠᠭᠪᠤᠷ ᠢ ᠬᠡᠷᠡᠭᠵᠢᠭᠦᠯᠵᠦ᠂ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠳᠠᠪᠠᠭᠤᠯᠢᠭ ᠢ ᠠᠰᠢᠭᠯᠠᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠠᠬᠢᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ᠂ ᠡᠨᠡ ᠵᠢᠯ ᠨᠡᠶᠢᠲᠡ 3203 ᠠᠰᠠᠭᠤᠳᠠᠯ ᠢ ᠪᠠᠶᠢᠴᠠᠭᠠᠨ ᠢᠯᠡᠷᠡᠭᠦᠯᠵᠦ᠂ 3126 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠤᠷᠮ᠎ᠠ 96.85% ᠳᠤ ᠬᠦᠷᠴᠡᠢ᠃ ᠤᠯᠠᠭᠠᠨᠴᠠᠪ ᠬᠤᠲᠠ ᠨᠠᠮ ᠤᠨ ᠪᠠᠶᠢᠭᠤᠯᠤᠯᠲᠠ᠂ ᠶᠡᠷᠦᠩᠬᠡᠶᠢᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠠᠮᠤᠷ ᠲᠦᠪᠰᠢᠨ ᠤ ᠪᠠᠶᠢᠭᠤᠯᠤᠯᠲᠠ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ᠂ ᠲᠣᠤᠷ ᠢ ᠨᠢᠭᠡᠳᠦᠯᠲᠡᠶ ᠬᠤᠪᠢᠶᠠᠷᠢᠯᠠᠨ᠂ ᠰᠦᠯᠵᠢᠶᠡᠨ ᠤ ᠨᠡᠷᠡᠶᠢᠳᠦᠯ ᠪᠠ ᠳ᠋ᠤᠭᠠᠷᠯᠠᠯ ᠢ ᠨᠢᠭᠡᠳᠬᠡᠵᠦ᠂ ︽ᠣᠯᠠᠨ ᠰᠦᠯᠵᠢᠶ᠎ᠡ ᠶᠢ ᠨᠢᠭᠡᠳᠬᠡᠬᠦ︾ ᠶᠢ ᠪᠡᠶᠡᠯᠡᠭᠦᠯᠪᠡ᠃ ︽ᠵᠡᠭᠡᠯᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢᠨ ᠵᠠᠭᠪᠤᠷ ᠢ ᠭᠦᠨᠵᠡᠭᠡᠶ ᠬᠡᠷᠡᠭᠵᠢᠭᠦᠯᠵᠦ᠂ 2000 ᠭᠠᠷᠤᠶ ᠬᠤᠳᠠᠯᠳᠤᠭᠠᠨ ᠤ ᠡᠷᠦᠬᠡ ᠶᠢ ᠤᠷᠢᠵᠤ ᠵᠡᠭᠡᠯᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠭᠠᠵᠠᠷ ᠤᠨ ᠲᠠᠰ ᠤᠨ ᠤᠳᠤᠷᠢᠳᠤᠯᠭ᠎ᠠ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠬᠤᠳᠠᠯᠳᠤᠭᠠᠨ ᠤ ᠡᠷᠦᠬᠡ ︽ᠲᠠᠪᠤᠨ ᠱᠠᠲᠤ ᠬᠤᠯᠪᠣᠭᠠᠯᠠᠨ ᠬᠥᠳᠡᠯᠦᠯᠴᠡᠬᠦ︾ ᠵᠣᠬᠢᠴᠠᠮᠵᠢ ᠶᠢ ᠪᠠᠶᠢᠭᠤᠯᠪᠠ᠃ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ︽ᠢᠯᠡᠭᠦᠬᠡᠨ ᠦᠨᠡᠯᠡᠬᠦ︾ ᠣᠶᠤᠨᠴᠢ ᠲᠠᠪᠴᠠᠩ ᠢ ᠭᠠᠷᠭᠠᠵᠤ᠂ ᠦᠨᠳᠦᠰᠦᠨ ᠱᠠᠲᠤᠨ ᠤ ᠵᠠᠰᠠᠯᠲᠠ᠂ ᠬᠤᠲᠠ ᠶᠢᠨ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠠᠷᠠᠳ ᠤᠨ ᠪᠠᠶᠢᠳᠠᠯ ᠤᠨ ᠨᠡᠪᠲᠡᠷᠡᠯᠴᠡᠭᠡ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠵᠤ᠂ ᠲᠣᠭᠠᠴᠠᠯᠠᠭᠰᠠᠨ᠂ ᠣᠶᠤᠨᠴᠢᠯᠠᠭᠰᠠᠨ ᠠᠷᠭ᠎ᠠ ᠪᠠᠷᠢᠯ ᠢᠶᠠᠷ ᠪᠥᠬᠦ ᠠᠷᠠᠳ ᠤᠨ ᠢᠶᠠᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠳᠤ ᠬᠦᠴᠦᠨ ᠨᠡᠮᠡᠷᠢᠯᠡᠵᠦ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠂ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠪᠠ᠃ ᠦᠬᠠᠢ ᠬᠤᠳᠠ ᠶᠢᠨ ᠬᠢᠨ ᠬᠠᠤᠯᠢ ᠬᠡᠷᠡᠭᠵᠢᠭᠦᠯᠬᠦ ᠬᠦᠴᠦᠨ ᠢᠶᠠᠨ ᠳᠣᠷᠣᠭᠰᠢ ᠪᠠᠭᠤᠯᠭᠠᠬᠤ ᠶᠢ ᠤᠯᠠᠮ ᠴᠢᠨᠠᠭᠰᠢᠳᠠ ᠠᠬᠢᠭᠤᠯᠵᠤ᠂ ︽ᠨᠢᠭᠡ ᠲᠣᠣᠷ᠂ ᠨᠢᠭᠡ ᠳᠠᠷᠤᠭ᠎ᠠ᠂ ᠨᠢᠭᠡ ᠴᠠᠭᠳᠠᠭ᠎ᠠ᠂ ᠨᠢᠭᠡ ᠮᠡᠷᠭᠡᠵᠢᠯᠲᠡᠨ ᠤᠯᠠᠨ ᠲᠤᠰᠢᠶᠠᠯ ᠬᠠᠪᠰᠤᠷᠭᠠᠬᠤ︾ ᠲᠣᠣᠷᠵᠢᠯ ᠤᠨ ᠡᠩᠨᠡᠭᠡ ᠶᠢ ᠪᠠᠶᠢᠭᠤᠯᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠤᠶᠤᠨᠴᠢᠯᠠᠭᠰᠠᠨ ᠶᠡᠷᠦᠩᠬᠡᠶᠢᠯᠡᠭᠰᠡᠨ ᠲᠠᠪᠴᠠᠩ ᠳᠤ ᠲᠦᠰᠢᠭᠯᠡᠨ᠂ ᠲᠣᠣᠷᠵᠢᠯ ᠤᠨ ᠳᠣᠲᠣᠷᠠᠬᠢ ᠬᠤᠳᠠ ᠶᠢᠨ ᠳᠦᠷᠰᠦ ᠪᠠᠶᠢᠳᠠᠯ᠂ ᠵᠠᠮ ᠬᠠᠷᠢᠯᠴᠠᠭᠠᠨ ᠤ ᠡᠮᠬᠢ ᠳᠢᠭᠯᠢᠮ᠂ ᠬᠤᠳᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ ᠠᠰᠠᠭᠤᠳᠠᠯ ᠢ 6 ᠲᠦᠮᠡ ᠰᠢᠬᠠᠮ ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 97% ᠳᠤ ᠬᠦᠷᠴᠡᠢ᠃ ᠭᠤᠷᠪᠠ ᠳᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠬᠦᠴᠦᠷᠬᠡᠭ ᠠᠴᠠ ᠪᠣᠶ ᠪᠣᠯᠭᠠᠬᠤ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠡᠩᠨᠡᠭᠡ ᠶᠢᠨ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠬᠦᠯᠪᠡ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ︽ᠬᠤᠤᠰ ᠠᠷᠪᠠᠨ ᠰᠢᠯᠢᠳᠡᠭ︾ ᠢ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠢᠨ᠎ᠡ ᠪᠠᠶᠢᠳᠠᠯ ᠢ ᠪᠣᠶ ᠪᠣᠯᠭᠠᠪᠠ᠃    ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃     ᠭᠠᠷ ᠤᠨ ᠦᠰᠦᠭ ᠵᠢᠷᠤᠭᠴᠢ᠄ ᠢᠦᠶ ᠰᠢᠨ ᠹᠠᠩ     ᠳᠠᠭᠠᠭᠠᠨ ᠠᠪᠴᠤ ᠭᠦᠢᠴᠡᠳᠭᠡᠬᠦ ᠰᠠᠯᠠᠭ᠎ᠠ ᠮᠦᠴᠢᠷ᠄ ᠬᠤᠲᠠ ᠶᠢᠨ ᠬᠠᠮᠢᠶᠠᠷᠤᠯᠲᠠ ᠶᠢᠨ ᠭᠠᠵᠠᠷ     ᠬᠠᠷᠢᠯᠴᠠᠬᠤ ᠬᠥᠮᠥᠨ᠄ ᠰᠦ ᠶᠠ     ᠬᠠᠷᠢᠯᠴᠠᠬᠤ ᠤᠲᠠᠰᠤ᠄ 0471-3474995      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ        2023 ᠣᠨ ᠤ 8 ᠳ᠋ᠤᠭᠠᠷ ᠰᠠᠷ᠎ᠠ ᠶᠢᠨ 28 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠ᠊
Baidu
map