ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ 0725 ᠳ᠋ᠤᠭᠠᠷ ᠲᠣᠭᠠᠲᠤ ᠰᠠᠨᠠᠯ ᠳᠤᠷᠠᠳᠤᠯᠭ᠎ᠠ ᠶᠢᠨ ᠲᠤᠬᠠᠶ ᠥᠭᠬᠦ ᠬᠠᠷᠢᠭᠤᠯᠲᠠ
ᠨᠡᠶᠢᠲᠡᠯᠡᠭᠰᠡᠨ ᠴᠠᠭ᠄
2023/9/19
A     ᠥᠪᠥᠷ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠠᠬᠢᠳᠠᠯ ﹇ 2023﹈  537 ᠳ᠋ᠤᠭᠠᠷ ᠲᠣᠭᠠᠲᠤ ᠭᠡᠰᠢᠭᠦᠨ ᠯᠢᠦ ᠸᠧᠨ ᠵᠢᠶ ᠳᠤ᠄     ᠲᠠᠨ ᠤ ᠳᠤᠷᠠᠳᠤᠭᠰᠠᠨ ︽ᠬᠠᠶᠠᠭᠳᠠᠮᠠᠯ ᠠᠮᠠᠪᠴᠢ ᠶᠢ ᠰᠢᠢᠳᠪᠦᠷᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠲᠤᠬᠠᠢ ᠳᠤᠷᠠᠳᠤᠯᠭ᠎ᠠ︾ ᠶᠢ ᠲᠤᠰᠴᠤ ᠣᠯᠪᠠ᠂ ᠡᠳᠦᠭᠡ ᠳᠣᠣᠷᠠᠬᠢ ᠮᠡᠲᠦ ᠬᠠᠷᠢᠭᠤᠯᠲᠠ ᠥᠭᠬᠦ ᠪᠠᠷ ᠪᠣᠢ᠄ᠨᠢᠭᠡ᠂ ᠦᠨᠳᠦᠰᠦᠨ ᠪᠠᠶᠢᠳᠠᠯ    ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠡᠮᠴᠢᠯᠡᠭᠡᠨ ᠤ ᠬᠠᠶᠠᠭᠳᠠᠮᠠᠯ ᠪᠣᠳᠠᠰ ᠤᠨ ᠲᠥᠷᠥᠯ ᠬᠤᠪᠢᠶᠠᠭᠰᠠᠨ ᠭᠠᠷᠴᠠᠭ ︵2021 ᠣᠨ ᠤ ᠬᠡᠪᠯᠡᠯ︶︾ ᠢ ᠦᠨᠳᠦᠰᠦᠯᠡᠪᠡᠯ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠭᠠᠷᠤᠭᠰᠠᠨ ᠬᠠᠶᠠᠭᠳᠠᠮᠠᠯ ᠠᠮᠠᠪᠴᠢ ᠨᠢ ᠡᠮᠴᠢᠯᠡᠭᠡᠨ ᠤ ᠬᠠᠶᠠᠭᠳᠠᠮᠠᠯ ᠪᠣᠳᠠᠰ ᠲᠤ ᠬᠠᠷᠢᠶᠠᠯᠠᠭᠳᠠᠬᠤ ᠥᠬᠡᠶ᠂ ︽ᠣᠨᠴᠠᠭᠠᠶ ᠬᠤᠣᠷᠲᠤ ᠬᠤᠭ ᠨᠣᠪᠰᠢ︾ ᠳᠤ ᠬᠠᠷᠢᠶᠠᠯᠠᠭᠳᠠᠨ᠎ᠠ᠂ ᠳᠤᠷ᠎ᠠ ᠪᠠᠷ ᠢᠶᠠᠨ ᠬᠠᠶᠠᠬᠤ ᠪᠤᠶᠤ ᠪᠤᠰᠤᠳ ᠬᠤᠭ ᠨᠣᠪᠰᠢ ᠶᠢᠨ ᠲᠥᠷᠥᠯ ᠵᠦᠢᠯ ᠳᠤ ᠬᠤᠯᠢᠯᠳᠤᠨ ᠣᠷᠣᠭᠤᠯᠵᠤ ᠪᠣᠯᠬᠤ ᠥᠬᠡᠶ᠃ ᠡᠮᠴᠢᠯᠡᠭᠡᠨ ᠤ ᠰᠢᠰᠲ᠋ᠧᠮ ᠠᠴᠠ ᠡᠭᠦᠰᠦᠭᠰᠡᠨ ᠬᠠᠶᠠᠭᠳᠠᠮᠠᠯ ᠡᠮᠴᠢᠯᠡᠭᠡᠨ ᠤ ᠠᠮᠠᠪᠴᠢ ᠨᠢ ︽ᠡᠮᠴᠢᠯᠡᠭᠡᠨ ᠤ ᠬᠤᠭ ᠨᠣᠪᠰᠢ︾ ᠳᠤ ᠬᠠᠷᠢᠶᠠᠯᠠᠭᠳᠠᠵᠤ᠂ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠮᠴᠢᠯᠡᠭᠡᠨ ᠤ ᠬᠤᠭ ᠨᠣᠪᠰᠢ ᠬᠢᠭᠡᠳ ᠠᠮᠢᠳᠤᠷᠠᠯ ᠤᠨ ᠬᠤᠭ ᠨᠣᠪᠰᠢ ᠶᠢ ᠰᠠᠯᠭᠠᠬᠤ᠂ ᠲᠥᠷᠥᠯ ᠬᠤᠪᠢᠶᠠᠨ ᠬᠠᠮᠢᠶᠠᠷᠬᠤ ᠠᠷᠭ᠎ᠠ ᠶᠢ ᠠᠪᠤᠨ᠎ᠠ᠃    ᠰᠢ ᠶᠢᠨ ᠫᠢᠩ ᠶᠡᠷᠦᠩᠬᠡᠶ ᠱᠦᠵᠢ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠡᠨᠡ ᠬᠦ ︽ᠵᠠᠩᠭᠢᠯᠠᠭ᠎ᠠ ᠶᠢᠨ ᠵᠢᠵᠢᠭ ᠶᠠᠪᠤᠳᠠᠯ︾ ᠢ ᠮᠠᠰᠢ ᠬᠠᠯᠠᠮᠵᠢᠯᠠᠵᠤ᠂ ︽ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ ᠨᠢ ᠥᠷᠭᠡᠨ ᠣᠯᠠᠨ ᠠᠷᠠᠳ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠲᠠᠢ ᠬᠤᠯᠪᠣᠭᠳᠠᠵᠤ᠂ ᠡᠬᠢ ᠪᠠᠶᠠᠯᠢᠭ ᠢ ᠠᠷᠪᠢᠯᠠᠨ ᠬᠡᠷᠡᠭᠯᠡᠬᠦ ᠲᠠᠢ ᠬᠤᠯᠪᠣᠭᠳᠠᠬᠤ ᠪᠥᠭᠡᠳ ᠪᠠᠰᠠ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠤ ᠴᠢᠬᠤᠯᠠ ᠢᠯᠡᠷᠡᠯ ᠮᠥᠨ︾ ᠭᠡᠵᠦ ᠴᠢᠬᠤᠯᠠᠴᠢᠯᠠᠪᠠ᠃ ︽ᠪᠥᠬᠦ ᠤᠯᠤᠰ ᠤᠨ ᠭᠠᠵᠠᠷ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ 2019 ᠣᠨ ᠳᠤ᠂ ᠮᠠᠨ ᠤ ᠣᠷᠣᠨ ᠤ 12 ᠠᠶᠢᠮᠠᠭ ᠬᠤᠲᠠ ᠶᠢᠨ ᠪᠠᠶᠢᠭ᠎ᠠ ᠭᠠᠵᠠᠷ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ 2021 ᠣᠨ ᠳᠤ ᠮᠠᠨ ᠤ ᠲᠢᠩᠬᠢᠮ ︽ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠤᠰᠤᠳ 19 ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠥᠷᠨᠢᠭᠦᠯᠬᠦ ᠲᠤᠷᠰᠢᠯᠲᠠ ᠶᠢᠨ ᠴᠡᠭᠲᠦ ᠭᠠᠵᠠᠷ ᠣᠷᠣᠨ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠵᠡᠷᠭᠡ ᠪᠠᠷ ᠠᠬᠢᠭᠤᠯᠪᠠ᠃ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠤᠯᠳᠠᠯᠭ᠎ᠠ ᠲᠠᠢ ᠡᠭᠦᠷᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ 2023 ᠣᠨ ᠤ 2 ᠳ᠋ᠤᠭᠠᠷ ᠰᠠᠷ᠎ᠠ ᠳᠤ᠂ ︽ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ 12 ᠬᠡᠰᠡᠭ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠰᠢᠨ᠎ᠡ ᠪᠠᠷ ᠨᠡᠮᠡᠭᠳᠡᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 12 ᠠᠶᠢᠮᠠᠭ ᠬᠤᠲᠠ ᠶᠢᠨ ᠵᠠᠬᠢᠷᠭ᠎ᠠ᠂ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠲᠣᠰ ᠲᠣᠰ 1 ᠵᠡᠭᠡᠯᠢ ᠭᠤᠳᠤᠮᠵᠢ ᠶᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠬᠡᠰᠡᠭ ᠲᠣᠭᠤᠷᠢᠭ ᠪᠣᠯᠭᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠨᠢᠭᠡ ᠢᠵᠢ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠮᠵᠢᠯᠲᠠ ᠲᠠᠢ ᠲᠤᠷᠰᠢᠯᠭ᠎ᠠ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠪᠥᠬᠦ ᠨᠡᠶᠢᠭᠡᠮ ᠢᠶᠠᠷ ᠢᠶᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ ᠶᠢ ᠠᠬᠢᠭᠤᠯᠪᠠ᠃ 2023 ᠣᠨ ᠤ 3 ᠳ᠋ᠤᠭᠠᠷ ᠰᠠᠷ᠎ᠠ ᠶᠢᠨ 23 ᠤ ᠡᠳᠦᠷ᠂ ᠲᠡᠷᠢᠭᠦᠯᠡᠭᠴᠢ ᠸᠠᠩ ᠯᠢ ᠰᠢᠶᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽2023 ᠣᠨ ᠤ ᠠᠵᠢᠯ ᠤᠨ ᠲᠥᠯᠥᠪᠯᠡᠭᠡ︾ ᠶᠢ ᠰᠤᠳᠤᠯᠤᠨ ᠬᠢᠨᠠᠨ ᠵᠥᠪᠯᠡᠪᠡ᠃ᠬᠤᠶᠠᠷ᠂ ᠭᠤᠤᠯ ᠠᠷᠭ᠎ᠠ ᠬᠡᠮᠵᠢᠶ᠎ᠡ    ᠨᠢᠭᠡ ᠳᠤ᠂ ᠠᠵᠢᠯ ᠤᠨ ᠵᠣᠬᠢᠴᠠᠮᠵᠢ ᠶᠢ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠠᠴᠠ ᠠᠬᠢᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠨᠡᠶᠢᠭᠡᠮ ᠠᠴᠠ ᠬᠢᠨᠠᠯᠲᠠ ᠲᠠᠯᠪᠢᠬᠤ ᠠᠵᠢᠯ ᠤᠨ ᠵᠣᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠲᠠᠰ ᠳᠠᠪᠬᠤᠷᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠡᠯ᠎ᠡ ᠠᠶᠢᠮᠠᠭ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠬᠢᠭᠤᠯᠤᠭᠰᠠᠨ ᠪᠠᠶᠢᠳᠠᠯ ᠢ ᠰᠠᠷ᠎ᠠ ᠪᠠᠷ ᠳᠣᠭᠢᠷᠠᠭᠤᠯᠬᠤ ᠶᠢ ᠪᠠᠷᠢᠮᠲᠠᠯᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠬᠤᠶᠠᠷ ᠲᠤ᠂ ᠲᠦᠷᠢᠮ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ︾ ᠤᠨ ᠨᠡᠶᠢᠲᠡᠯᠡᠯ ᠢ ᠠᠬᠢᠭᠤᠯᠵᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢᠶᠠᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠥᠲᠥᠯᠦᠨ ᠳᠠᠭᠠᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠵᠢᠯᠣᠭᠤᠳᠬᠤ ᠰᠠᠨᠠᠯ︾ ︽ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︽ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ 12 ᠬᠡᠰᠡᠭ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠰᠢᠨ᠎ᠡ ᠪᠠᠷ ᠨᠡᠮᠡᠭᠳᠡᠭᠦᠯᠬᠦ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠵᠣᠬᠢᠴᠠᠮᠵᠢ ᠶᠢᠨ ᠪᠠᠶᠢᠭᠤᠯᠤᠯᠲᠠ᠂ ᠲᠥᠬᠦᠭᠡᠷᠦᠮᠵᠢ ᠶᠢᠨ ᠲᠣᠬᠢᠷᠠᠭᠤᠯᠤᠯᠲᠠ᠂ ᠤᠬᠠᠭᠤᠯᠤᠯ ᠳᠠᠶᠢᠴᠢᠯᠠᠯᠲᠠ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠵᠡᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠡᠮᠴᠢᠯᠡᠭᠡᠨ ᠤ ᠬᠤᠭ ᠨᠣᠪᠰᠢ ᠳᠤ ᠴᠢᠭᠯᠡᠭᠦᠯᠦᠨ᠂ ᠮᠠᠨ ᠤ ᠲᠢᠩᠬᠢᠮ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠬᠢᠭᠡᠳ ᠠᠮᠢᠳᠤᠷᠠᠯ ᠤᠨ ᠬᠤᠭ ᠨᠣᠪᠰᠢ ᠶᠢ ᠴᠢᠩᠭ᠎ᠠ ᠢᠯᠭᠠᠨ ᠰᠠᠯᠭᠠᠪᠠ᠃ ᠣᠳᠣᠬᠠᠨ ᠳᠤ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ ᠠᠴᠠ ᠭᠠᠷᠤᠭᠰᠠᠨ ᠬᠠᠶᠠᠭᠳᠠᠮᠠᠯ ᠠᠮᠠᠪᠴᠢ ᠶᠢ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠶᠣᠰᠣᠭᠠᠷ᠂ ᠲᠤᠰᠬᠠᠶ ᠰᠢᠢᠳᠪᠦᠷᠢᠯᠡᠬᠦ ᠪᠠᠶᠢᠭᠤᠯᠤᠮᠵᠢ ᠠᠴᠠ ᠲᠥᠪᠯᠡᠷᠡᠭᠦᠯᠦᠨ ᠰᠢᠢᠳᠪᠦᠷᠢᠯᠡᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠳᠤ ᠬᠤᠯᠢᠯᠳᠤᠨ ᠣᠷᠣᠭᠤᠯᠬᠤ ᠶᠢ ᠴᠢᠩᠭ᠎ᠠ ᠬᠤᠷᠢᠭᠯᠠᠪᠠ᠃ ᠭᠤᠷᠪᠠ ᠳᠤ᠂ ᠲᠥᠬᠦᠭᠡᠷᠦᠮᠵᠢ  ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠥᠬᠦᠭᠡᠷᠦᠮᠵᠢ ᠶᠢᠨ ᠨᠥᠬᠦᠪᠦᠷᠢ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠡᠮᠦᠨ᠎ᠡ ᠬᠡᠰᠡᠭ᠂ ᠳᠤᠮᠳᠠ ᠬᠡᠰᠡᠭ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ ᠲᠥᠬᠦᠭᠡᠷᠦᠮᠵᠢ ᠶᠢᠨ ᠢᠵᠢ ᠪᠦᠷᠢᠳᠦᠯ ᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠦᠢᠯᠡᠳᠪᠦᠷᠢ ᠵᠢᠴᠢ ᠬᠤᠭᠤᠯᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠳᠠᠮᠵᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠠᠢ ᠬᠠᠷᠢᠯᠴᠠᠨ ᠵᠣᠬᠢᠴᠠᠯᠳᠤᠭᠰᠠᠨ ᠰᠢᠢᠳᠪᠦᠷᠢᠯᠡᠬᠦ ᠴᠢᠳᠠᠪᠤᠷᠢ ᠶᠢᠨ ᠳᠤᠲᠠᠭᠤᠳᠠᠯ ᠢ ᠨᠥᠬᠦᠪᠥᠷᠢᠯᠡᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠲᠦᠷᠪᠡ ᠳᠤ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠤᠬᠠᠭᠤᠯᠭ᠎ᠠ ᠶᠢᠨ ᠠᠴᠢᠶᠠᠯᠠᠪᠤᠷᠢ ᠶᠢ ᠥᠷᠭᠡᠳᠬᠡᠵᠦ᠂ ᠤᠯᠠᠨ ᠲᠦᠮᠡᠨ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠤᠭᠤᠯᠪᠠ᠃ ᠰᠤᠷᠭᠠᠭᠤᠯᠢ ᠶᠢᠨ ᠬᠦᠷᠢᠶᠡᠨ ᠤ ᠰᠤᠷᠭᠠᠨ ᠬᠥᠮᠦᠵᠢᠯ ᠪᠠ ᠬᠡᠷ ᠪᠦᠯᠢ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠬᠥᠮᠦᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠦᠢᠯᠡ ᠠᠵᠢᠯᠯᠠᠭ᠎ᠠ ᠶᠢᠨ ᠳᠠᠳᠬᠠᠯ ᠢ ᠪᠣᠶ ᠪᠣᠯᠭᠠᠯᠭᠠᠪᠠ᠃ᠭᠤᠷᠪᠠ᠂ ᠳᠠᠷᠠᠭᠠᠴᠢ ᠶᠢᠨ ᠠᠯᠬᠤᠮ ᠤᠨ ᠠᠵᠢᠯ    ᠲᠠᠨ ᠤ ᠰᠠᠨᠠᠯ ᠳᠤᠷᠠᠳᠤᠯᠭ᠎ᠠ ᠮᠠᠰᠢ ᠴᠠᠭ ᠲᠤᠬᠠᠶᠢᠴᠢ᠂ ᠵᠣᠬᠢᠰᠲᠠᠶ ᠪᠠᠶᠢᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠭᠦᠨᠵᠡᠭᠡᠶ ᠠᠬᠢᠭᠤᠯᠬᠤ ᠳᠤ ᠮᠠᠰᠢ ᠰᠠᠶᠢᠨ ᠲᠣᠯᠢᠯᠠᠬᠤ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠮᠴᠢᠯᠡᠭᠡᠨ ᠤ ᠬᠤᠭ ᠨᠣᠪᠰᠢ ᠬᠢᠭᠡᠳ ᠠᠮᠢᠳᠤᠷᠠᠯ ᠤᠨ ᠬᠤᠭ ᠨᠣᠪᠰᠢ ᠶᠢ ᠰᠠᠯᠭᠠᠬᠤ᠂ ᠲᠥᠷᠥᠯ ᠬᠤᠪᠢᠶᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ 12 ᠠᠶᠢᠮᠠᠭ ᠬᠤᠲᠠ ᠶᠢᠨ ᠵᠠᠰᠠᠭ ᠤᠨ ᠣᠷᠳᠣᠨ ︵ᠵᠠᠬᠢᠷᠭ᠎ᠠ︶ ᠤ ᠪᠠᠶᠢᠭ᠎ᠠ ᠭᠠᠵᠠᠷ ᠲᠤ ᠲᠣᠰ ᠲᠣᠰ 1 ᠵᠡᠭᠡᠯᠢ ᠭᠤᠳᠤᠮᠵᠢ ᠶᠢ ᠰᠢᠨ᠎ᠡ ᠪᠠᠷ ᠨᠡᠮᠡᠵᠦ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠣᠷᠣᠨ ᠲᠣᠭᠤᠷᠢᠭ ᠪᠣᠯᠭᠠᠨ᠎ᠠ᠃ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠥᠷᠥᠯ ᠬᠤᠪᠢᠶᠠᠬᠤ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠠᠷᠠᠯᠲᠠ ᠶᠢ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠪᠡᠶᠡᠯᠡᠬᠦᠯᠦᠨ᠎ᠡ᠃ ᠬᠠᠮᠤᠭ ᠡᠴᠦᠰ ᠲᠤ ᠮᠠᠨ ᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ᠂ ᠬᠤᠤᠷ ᠦᠭᠡᠶᠢᠵᠢᠬᠦᠯᠦᠨ ᠰᠢᠢᠳᠪᠦᠷᠢᠯᠡᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠦᠨ᠎ᠡ᠃    ᠲᠠᠨ ᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠠᠯᠠᠮᠵᠢᠯᠠᠨ ᠳᠡᠮᠵᠢᠭᠰᠡᠨ ᠳᠤ ᠪᠠᠶᠠᠷᠯᠠᠯ᠎ᠠ᠃     ᠭᠠᠷ ᠤᠨ ᠦᠰᠦᠭ ᠵᠢᠷᠤᠭᠴᠢ᠄ ᠢᠦᠶ ᠰᠢᠨ ᠹᠠᠩ     ᠳᠠᠭᠠᠭᠠᠨ ᠠᠪᠴᠤ ᠭᠦᠢᠴᠡᠳᠭᠡᠬᠦ ᠰᠠᠯᠠᠭ᠎ᠠ ᠮᠦᠴᠢᠷ᠄ ᠬᠤᠲᠠ ᠶᠢᠨ ᠬᠠᠮᠢᠶᠠᠷᠤᠯᠲᠠ ᠶᠢᠨ ᠭᠠᠵᠠᠷ     ᠬᠠᠷᠢᠯᠴᠠᠬᠤ ᠬᠥᠮᠥᠨ᠄ ᠰᠦᠨ ᠬᠤᠤ     ᠬᠠᠷᠢᠯᠴᠠᠬᠤ ᠤᠲᠠᠰᠤ᠄ 0471-6539294 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠ᠊
Baidu
map