ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/9/25
        ᠥᠪᠥᠷ ᠵᠠᠰᠠᠭ ᠲᠠᠷᠬᠠᠭᠠᠭᠰᠠᠨ ﹇ 2023﹈ 167 ᠳ᠋ᠤᠭᠠᠷ ᠲᠣᠭᠠᠲᠤ ᠡᠯ᠎ᠡ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠢᠶ᠎ᠠ ᠪᠦᠬᠦᠢ ᠠᠵᠤ ᠠᠬᠤᠶᠢᠯᠠᠯ ᠳᠤ᠄    ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠵᠢᠷᠤᠮᠵᠢᠭᠤᠯᠤᠨ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠮᠠᠨ ᠤ ᠣᠷᠣᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ︵ᠳᠣᠷᠣᠭᠰᠢ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠭᠡᠵᠦ ᠲᠣᠪᠴᠢᠯᠠᠨ᠎ᠠ︶ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠢᠷᠤᠮᠵᠢᠭᠤᠯᠬᠤ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ᠨᠢᠭᠡ᠂ ᠨᠠᠶᠢᠳᠠᠵᠤ ᠬᠢᠨᠠᠨ ᠪᠠᠶᠢᠴᠠᠭᠠᠬᠤ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠬᠦ ᠬᠡᠷᠡᠭᠲᠡᠶ    ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠰᠢᠯᠢᠳᠡᠭᠵᠢᠭᠦᠯᠵᠦ ᠠᠵᠢᠯ ᠤᠨ ᠶᠠᠪᠤᠴᠠ ᠶᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠬᠠᠷᠢᠶ᠎ᠠ ᠭᠠᠵᠠᠷ ᠲᠤ ᠪᠠᠨ ᠭᠤᠶᠤᠴᠢᠯᠠᠨ ᠮᠡᠳᠡᠭᠦᠯᠬᠦ ᠳᠤ ᠲᠥᠬᠦᠮ ᠦᠵᠡᠭᠦᠯᠬᠦ ᠶᠢᠨ ᠲᠤᠰᠠᠳᠠ᠂ 2023 ᠣᠨ ᠤ 10 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ᠂ ᠮᠠᠨ ᠤ ᠲᠢᠩᠬᠢᠮ ᠤᠨ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠠᠩᠬ᠎ᠠ ᠤᠳᠠᠭ᠎ᠠ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠲᠤ ᠨᠠᠶᠢᠳᠠᠨ ᠭᠥᠯᠢᠶᠡᠨ ᠠᠪᠴᠤ ᠬᠢᠨᠠᠨ ᠪᠠᠶᠢᠴᠠᠭᠠᠯᠭᠠᠬᠤ ᠪᠠᠷ ᠭᠤᠶᠤᠴᠢᠯᠠᠪᠠ᠂ ᠮᠠᠨ ᠤ ᠲᠢᠩᠬᠢᠮ ᠬᠢᠨᠠᠨ ᠪᠠᠶᠢᠴᠠᠭᠠᠭᠰᠠᠨ ᠰᠠᠨᠠᠯ ᠢ ᠣᠯᠤᠭᠰᠠᠨ ᠤ ᠳᠠᠷᠠᠭ᠎ᠠ ᠵᠠᠷᠯᠠᠯ ᠨᠡᠶᠢᠲᠡᠯᠡᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠨ᠎ᠠ᠃    ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠤᠷᠲᠤᠳᠬᠠᠬᠤ ᠶᠢ ᠳᠠᠬᠢᠨ ᠬᠢᠨᠠᠨ ᠪᠠᠶᠢᠴᠠᠭᠠᠬᠤ ᠪᠠ ᠬᠤᠭᠤᠴᠠᠭ᠎ᠠ ᠤᠷᠲᠤᠳᠬᠠᠬᠤ ᠶᠢ ᠬᠢᠨᠠᠨ ᠪᠠᠶᠢᠴᠠᠭᠠᠬᠤ ᠦᠭᠡᠢ ᠶᠢ ᠮᠥᠨ ᠬᠦ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠷᠴᠤ ᠪᠦᠬᠦᠢ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠰᠢᠯᠭᠠᠨ ᠦᠨᠡᠯᠡᠭᠰᠡᠨ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭᠠᠨ ᠳᠤ ᠬᠠᠮᠢᠶ᠎ᠠ ᠪᠦᠬᠦᠢ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠭᠰᠠᠨ ᠡᠰᠡᠬᠦ᠂ ᠠᠮᠤᠷ ᠲᠦᠪᠰᠢᠨ ᠤ ᠠᠳᠡᠯ ᠭᠠᠷᠤᠭᠰᠠᠨ ᠡᠰᠡᠬᠦ ᠵᠡᠷᠭᠡ ᠠᠭᠤᠯᠭ᠎ᠠ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ ᠪᠢᠴᠢᠭ ᠢᠶᠠᠷ ᠰᠠᠨᠠᠯ ᠭᠠᠷᠭᠠᠵᠤ ᠥᠭᠭᠦᠨ᠎ᠡ᠃ᠬᠤᠶᠠᠷ᠂ ᠠᠵᠢᠯᠲᠠᠨ ᠤ ᠬᠢᠨᠠᠨ ᠰᠢᠯᠭᠠᠯᠲᠠ ᠶᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ    ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠳᠤ ᠲᠦᠰᠢᠭᠯᠡᠨ᠂ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠬᠢᠭᠡᠳ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ︵ᠳᠣᠷᠣᠭᠰᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠭᠡᠵᠦ ᠲᠣᠪᠴᠢᠯᠠᠨ᠎ᠠ︶ ᠤ ᠬᠤᠭᠤᠷᠣᠨᠳᠤᠬᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠯ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠪᠠ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠦᠨᠡᠮᠯᠡᠯ ᠢ ᠭᠤᠶᠤᠴᠢᠯᠠᠬᠤ ᠦᠶ᠎ᠡ ᠳᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠡᠷᠬᠡ ᠣᠯᠭᠤᠵᠤ ᠬᠢᠨᠠᠨ ᠵᠥᠪᠰᠢᠶᠡᠷᠡᠭᠦᠯᠬᠦ ᠶᠢᠨ ᠬᠠᠮᠲᠤ ᠠᠵᠤ ᠠᠬᠤᠶᠢᠯᠠᠯ ᠵᠢᠴᠢ ᠬᠤᠯᠪᠤᠭᠳᠠᠯ ᠪᠦᠬᠦᠢ ᠬᠥᠮᠥᠰ ᠤᠨ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢ ᠠᠦ᠋ᠲ᠋ᠣ᠋ ᠬᠠᠷᠢᠴᠠᠭᠤᠯᠤᠨ ᠬᠠᠷᠭᠤᠭᠤᠯᠬᠤ ᠶᠢᠨ ᠬᠠᠮᠲᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠬᠤ ᠬᠤᠯᠪᠤᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠭᠤᠯᠬᠤ ᠬᠡᠷᠡᠭᠲᠡᠢ᠃ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠳᠤ ᠪᠠᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠤᠨ ᠬᠠᠮᠤᠭ ᠤᠨ ᠥᠨᠳᠥᠷ ᠲᠥᠷᠥᠯ ᠢᠯᠭᠠᠯ ᠤᠨ ᠵᠡᠷᠭᠡ ᠳᠡᠰ ᠢ ᠰᠢᠯᠭᠠᠨ ᠬᠢᠨᠠᠬᠤ ᠲᠥᠷᠥᠯ ᠵᠦᠢᠯ ᠤᠨ ᠬᠠᠷᠢᠭᠤᠴᠠᠯᠭᠠᠲᠠᠨ ᠪᠣᠯᠣᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠶᠤᠰᠤᠭᠠᠷ ᠶᠠᠪᠤᠭᠳᠠᠭᠤᠯᠤᠨ᠎ᠠ ︵ᠣᠯᠠᠨ ᠠᠳᠠᠯᠢ ᠨᠢᠭᠡᠨ ᠬᠢᠷᠢ ᠬᠡᠮ ᠤᠨ ᠳᠡᠰ ᠲᠠᠢ ᠨᠢ ᠪᠦᠲᠦᠭᠡᠨ ᠪᠠᠶᠢᠭᠤᠯᠤᠭᠴᠢ ᠶᠢᠨ ᠳᠠᠩᠰᠠᠯᠠᠯᠲᠠ ᠶᠢᠨ ᠲᠤᠭ᠎ᠠ ᠪᠠᠷ ᠬᠠᠮᠤᠭ ᠤᠨ ᠣᠯᠠᠨ ᠲᠥᠷᠥᠯ ᠢᠯᠭᠠᠯ ᠤᠨ ᠱᠠᠭᠠᠷᠳᠠᠯᠭ᠎ᠠ ᠶᠤᠰᠤᠭᠠᠷ ᠰᠢᠯᠭᠠᠨ ᠬᠢᠨᠠᠭᠤᠯᠤᠨ᠎ᠠ︶᠃ᠭᠤᠷᠪᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ    ᠠᠵᠤ ᠠᠬᠤᠶᠢᠯᠠᠯ ᠤᠳ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠷᠢᠳᠴᠢᠯᠠᠨ ᠨᠠᠶᠢᠷᠠᠭᠤᠯᠤᠨ ᠵᠣᠬᠢᠶᠠᠭᠰᠠᠨ ᠲᠥᠰᠦᠯ ᠤᠨ ᠶᠣᠰᠣᠭᠠᠷ᠂ ᠠᠵᠤ ᠠᠬᠤᠶᠢᠯᠠᠯ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠪᠣᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠲᠠᠳ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢ ᠥᠷᠨᠢᠭᠦᠯᠬᠦ ᠶᠢᠨ ᠬᠠᠮᠲᠤ ᠭᠡᠷᠡᠯ ᠵᠢᠷᠤᠭ ᠤᠨ ᠮᠠᠲ᠋ᠧᠷᠢᠶᠠᠯ ᠢᠶᠠᠨ ᠦᠯᠡᠳᠡᠭᠡᠨ ᠬᠠᠳᠠᠭᠠᠯᠠᠵᠤ᠂ ᠰᠣᠷᠢᠯᠲᠠ ᠶᠢᠨ ᠶᠠᠪᠤᠴᠠ ᠶᠢ ᠨᠠᠷᠢᠨ ᠲᠣᠳᠣᠷᠬᠠᠶ ᠲᠡᠮᠳᠡᠭᠯᠡᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠦᠶ᠎ᠡ ᠳᠤ ᠲᠤᠰᠢᠶᠠᠭᠰᠠᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠰᠣᠷᠢᠯᠲᠠ ᠶᠢᠨ ᠲᠡᠮᠳᠡᠭᠯᠡᠯ ᠳᠤ ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠰᠣᠷᠢᠯᠲᠠ ᠶᠢᠨ ᠲᠡᠮᠳᠡᠭᠯᠡᠯ ᠤᠨ ᠬᠦᠰᠦᠨᠦᠭᠲᠦ᠂ ᠠᠵᠢᠯᠲᠠᠨ ᠤ ᠭᠠᠷ ᠤᠨ ᠦᠰᠦᠭ ᠵᠢᠷᠤᠭᠰᠠᠨ ᠬᠦᠰᠦᠨᠦᠭᠲᠦ ᠵᠢᠴᠢ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠬᠤᠯᠪᠤᠭᠳᠠᠯ ᠪᠦᠬᠦᠢ ᠮᠠᠲ᠋ᠧᠷᠢᠶᠠᠯ ᠢ ᠪᠠᠭᠲᠠᠭᠠᠨ᠎ᠠ᠂ ᠭᠡᠷᠡᠯ ᠵᠢᠷᠤᠭ ᠤᠨ ᠮᠠᠲ᠋ᠧᠷᠢᠶᠠᠯ ᠳᠤ ᠰᠣᠷᠢᠯᠲᠠ ᠶᠢᠨ ᠴᠠᠭ ᠪᠠ ᠰᠣᠷᠢᠯᠲᠠ ᠳᠤ ᠣᠷᠣᠯᠴᠠᠭᠰᠠᠳ ᠤᠨ ᠣᠪᠣᠭ ᠨᠡᠷ᠎ᠡ ᠶᠢ ᠲᠣᠳᠣᠷᠬᠠᠶᠢᠯᠠᠬᠤ ᠬᠡᠷᠡᠭᠲᠡᠶ᠃ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠣᠯᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢᠨ ᠲᠥᠯᠥᠪᠯᠡᠭᠡ ᠲᠣᠭᠲᠠᠭᠠᠬᠤ ᠶᠢᠨ ᠬᠠᠮᠲᠤ ᠬᠢᠵᠦ ᠪᠠᠶᠢᠭ᠎ᠠ ᠪᠠᠷᠢᠯᠭ᠎ᠠ ᠶᠢᠨ ᠠᠵᠢᠯ ᠤᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠲᠦᠭᠰᠢᠭᠦᠷᠢ ᠶᠢᠨ ᠣᠨᠴᠠᠯᠢᠭ ᠢᠶᠠᠨ ᠦᠨᠳᠦᠰᠦᠯᠡᠨ᠂ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠬᠡᠷᠡᠭᠴᠡᠭᠡ ᠪᠠᠨ ᠦᠨᠳᠦᠰᠦᠯᠡᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠴᠠᠭ ᠲᠤᠬᠠᠶ ᠳᠤ ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠬᠦᠯᠦᠨ᠎ᠡ᠃ᠳᠥᠷᠪᠡ᠂ ᠨᠢᠭᠤᠷᠲᠠᠨ ᠠᠰᠠᠭᠤᠬᠤ ᠳᠦᠷᠢᠮ ᠢ ᠪᠠᠶᠢᠭᠤᠯᠵᠤ᠂ ᠬᠢᠨᠠᠨ ᠪᠠᠶᠢᠴᠠᠭᠠᠬᠤ ᠠᠷᠭ᠎ᠠ ᠬᠡᠯᠪᠡᠷᠢ ᠪᠠᠨ ᠰᠢᠯᠢᠳᠡᠭᠵᠢᠭᠦᠯᠬᠦ ᠬᠡᠷᠡᠭᠲᠡᠶ    ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠲᠠᠢ ᠬᠤᠯᠪᠣᠭᠳᠠᠬᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠡᠷᠭᠡ ᠠᠰᠠᠭᠤᠳᠠᠯ ᠤᠨ ᠲᠤᠬᠠᠶ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠲᠡᠭᠦᠨ ᠤ ᠡᠷᠬᠡ ᠣᠯᠭᠤᠭᠰᠠᠨ ᠠᠵᠤ ᠠᠬᠤᠶᠢᠯᠠᠯ ᠤᠨ ᠪᠤᠰᠤᠳ ᠭᠤᠣᠯ ᠬᠠᠷᠢᠭᠤᠴᠠᠯᠭᠠᠲᠠᠨ ︵ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ A ᠦᠨᠡᠮᠯᠡᠯ︶ ︵ᠳᠣᠷᠣᠭᠰᠢ ᠯᠠᠪᠯᠠᠨ ᠠᠰᠠᠭᠤᠭᠳᠠᠬᠤ ᠬᠥᠮᠦᠰ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠠᠴᠠ ᠨᠢᠭᠤᠷᠳᠠᠨ ᠯᠠᠪᠯᠠᠵᠤ ᠠᠰᠠᠭᠤᠵᠤ ᠪᠣᠯᠤᠨ᠎ᠠ᠂ ᠯᠠᠪᠯᠠᠨ ᠠᠰᠠᠭᠤᠭᠳᠠᠬᠤ ᠬᠥᠮᠦᠰ ᠲᠣᠭᠲᠠᠭᠰᠠᠨ ᠴᠠᠭ ᠲᠤ ᠲᠤᠬᠠᠶ ᠶᠢᠨ ᠭᠠᠵᠠᠷ ᠲᠤ ᠨᠢ ᠬᠦᠷᠬᠦ  ᠶᠢᠨ ᠬᠠᠮᠲᠤ ᠬᠠᠮᠢᠶ᠎ᠠ ᠪᠦᠬᠦᠢ ᠠᠰᠠᠭᠤᠳᠠᠯ ᠳᠤ ᠦᠨᠡᠨ ᠪᠣᠳᠠᠲᠠᠶ ᠪᠠᠷ ᠲᠣᠳᠣᠷᠬᠠᠶᠢᠯᠠᠯᠲᠠ ᠬᠢᠬᠦ ᠬᠡᠷᠡᠭᠲᠡᠶ᠃ ᠨᠢᠭᠤᠷᠳᠠᠨ ᠯᠠᠪᠯᠠᠨ ᠠᠰᠠᠭᠤᠬᠤ ᠪᠠᠷ ᠳᠠᠮᠵᠢᠭᠠᠳ᠂ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠦᠶ᠎ᠡ ᠳᠤ ᠬᠠᠩᠭᠠᠭᠰᠠᠨ ᠮᠡᠳᠡᠭᠦᠯᠬᠦ ᠮᠠᠲ᠋ᠧᠷᠢᠶᠠᠯ ᠨᠢ ᠦᠨᠡᠨ ᠪᠣᠳᠠᠲᠠᠢ ᠪᠢᠰᠢ ᠭᠡᠵᠦ ᠵᠥᠪᠰᠢᠶᠡᠷᠡᠭᠰᠡᠨ ᠪᠠᠶᠢᠪᠠᠯ᠂ ᠵᠥᠪᠰᠢᠶᠡᠷᠡᠭᠰᠡᠨ ᠦᠭᠡᠢ ᠪᠠᠷ ᠰᠢᠢᠳᠪᠦᠷᠢᠯᠡᠵᠦ ᠳᠠᠭᠤᠰᠬᠠᠨ᠎ᠠ᠃ᠲᠠᠪᠤ᠂ ᠮᠡᠳᠡᠭᠡ ᠵᠠᠩᠭᠢ ᠶᠢᠨ ᠬᠠᠷᠢᠴᠠᠭᠤᠯᠤᠯ ᠢ ᠴᠢᠩᠭᠠᠳᠬᠠᠵᠤ᠂ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ    ᠠᠵᠤ ᠠᠬᠤᠶᠢᠯᠠᠯ ᠤᠨ ᠮᠡᠳᠡᠭᠦᠯᠦᠨ ᠬᠦᠷᠭᠡᠭᠰᠡᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠪᠣᠯᠤᠨ ᠣᠨᠴᠠ ᠲᠥᠷᠥᠯ ᠤᠨ ᠠᠵᠢᠯᠯᠠᠭᠰᠠᠳ ᠵᠡᠷᠭᠡ ᠮᠡᠳᠡᠭᠡ ᠵᠠᠩᠭᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠪᠴᠠᠩ ︵ᠳᠣᠷᠣᠭᠰᠢ ᠬᠢᠨᠠᠨ ᠵᠥᠪᠰᠢᠶᠡᠷᠡᠬᠦ ᠲᠠᠪᠴᠠᠩ ᠭᠡᠵᠦ ᠲᠣᠪᠴᠢᠯᠠᠨ᠎ᠠ︶ ᠤᠨ ᠬᠠᠮᠢᠶᠠᠷᠤᠯᠲᠠ ᠳᠤ ᠣᠷᠣᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠠᠦ᠋ᠲ᠋ᠣ᠋ ᠬᠢᠨᠠᠨ ᠰᠢᠯᠭᠠᠨ᠎ᠠ᠃ ᠠᠳᠠᠯᠢ ᠪᠤᠰᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠠᠪᠬᠤ ᠪᠠᠷ ᠭᠤᠶᠤᠴᠢᠯᠠᠭᠰᠠᠨ ᠬᠥᠮᠦᠰ ᠤᠨ ᠮᠡᠳᠡᠭᠡ ᠵᠠᠩᠭᠢ ᠶᠢ ᠬᠢᠨᠠᠨ ᠵᠥᠪᠰᠢᠶᠡᠷᠡᠬᠦ ᠲᠠᠪᠴᠠᠩ ᠳᠤ ᠰᠠᠨᠠᠭᠤᠯᠭ᠎ᠠ ᠪᠢᠴᠢᠵᠦ᠂ ᠬᠢᠨᠠᠨ ᠵᠥᠪᠰᠢᠶᠡᠷᠡᠬᠦ ᠦᠶ᠎ᠡ  ᠳᠤ ᠴᠢᠩᠭ᠎ᠠ ᠬᠢᠨᠠᠨ ᠬᠠᠷᠭᠤᠭᠤᠯᠤᠨ᠎ᠠ᠃ ᠭᠤᠶᠤᠴᠢᠯᠠᠯ ᠳᠤ ᠪᠠᠶᠢᠨ ᠳᠠᠬᠢᠨ ᠢᠯᠡᠷᠡᠭᠰᠡᠨ ᠬᠤᠯᠪᠤᠭᠳᠠᠯ ᠪᠥᠬᠦᠶ ᠬᠥᠮᠦᠰ ᠲᠤ ᠠᠵᠤ ᠠᠬᠤᠶᠢᠯᠠᠯ ᠪᠠ ᠠᠵᠢᠯᠲᠠᠨ ᠤ ᠬᠥᠳᠡᠯᠮᠦᠷᠢ ᠶᠢᠨ ᠬᠠᠷᠢᠴᠠᠭ᠎ᠠ ᠶᠢ ᠴᠢᠩᠭ᠎ᠠ ᠬᠢᠨᠠᠨ ᠪᠠᠶᠢᠴᠠᠭᠠᠵᠤ᠂ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠡᠷ᠎ᠡ ᠶᠢᠨ ᠪᠦᠷᠢᠳᠭᠡᠯ ᠳᠤ ᠣᠷᠣᠭᠤᠯᠤᠨ᠎ᠠ᠃    ᠠᠵᠤ ᠠᠬᠤᠶᠢᠯᠠᠯ ᠬᠠᠮᠢᠶ᠎ᠠ ᠪᠦᠬᠦᠢ ᠪᠠᠶᠢᠳᠠᠯ ᠢᠶᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠪᠠᠯ᠂ 1 ᠵᠢᠯ ᠤᠨ ᠳᠣᠲᠣᠷ᠎ᠠ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠵᠤ ᠪᠣᠯᠬᠤ ᠦᠭᠡᠢ᠃ ᠠᠵᠤ ᠠᠬᠤᠶᠢᠯᠠᠯ ᠬᠤᠳᠠᠯ ᠢᠶᠠᠷ ᠵᠣᠬᠢᠶᠠᠬᠤ᠂ ᠬᠠᠭᠤᠷᠮᠠᠭ ᠢᠶᠠᠷ ᠵᠣᠬᠢᠶᠠᠬᠤ ᠵᠡᠷᠭᠡ ᠮᠡᠬᠡᠯᠡᠬᠦ ᠠᠷᠭ᠎ᠠ ᠪᠠᠷᠢᠯ ᠢᠶᠠᠷ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠣᠯᠣᠭᠰᠠᠨ ᠪᠠᠶᠢᠪᠠᠯ᠂ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ᠂ 3 ᠵᠢᠯ ᠤᠨ ᠳᠣᠲᠣᠷ᠎ᠠ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠳᠠᠬᠢᠨᠲᠠ ᠭᠤᠶᠤᠴᠢᠯᠠᠵᠤ ᠪᠣᠯᠬᠤ ᠦᠭᠡᠢ ᠪᠥᠭᠡᠳ ᠬᠠᠤᠯᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠶ ᠪᠣᠯᠭᠠᠬᠤ ᠠᠴᠠ ᠪᠣᠯᠣᠭᠰᠠᠨ ᠠᠯᠢᠪᠠ ᠲᠦᠭᠰᠢᠭᠦᠷᠢ ᠵᠢᠴᠢ ᠬᠠᠤᠯᠢ ᠴᠠᠭᠠᠵᠠ ᠶᠢᠨ ᠦᠷ᠎ᠡ ᠳ᠋ᠦᠩ ᠢ ᠭᠤᠶᠤᠴᠢᠯᠠᠭᠴᠢ ᠡᠭᠦᠷᠭᠡᠯᠡᠨ᠎ᠡ᠃ ᠬᠤᠯᠪᠤᠭᠳᠠᠯ ᠪᠥᠬᠦᠶ ᠠᠵᠤ ᠠᠬᠤᠶᠢᠯᠠᠯ ᠪᠠ ᠬᠠᠷᠢᠭᠤᠴᠠᠯᠭ᠎ᠠ ᠲᠠᠢ ᠬᠥᠮᠦᠨ ᠢ ᠭᠤᠤᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠲᠤ ᠵᠢᠭᠰᠠᠭᠠᠨ ᠣᠷᠣᠭᠤᠯᠬᠤ ᠶᠢᠨ ᠬᠠᠮᠲᠤ ᠬᠤᠯᠪᠤᠭᠳᠠᠯ ᠪᠥᠬᠦᠶ ᠲᠠᠪᠴᠠᠩ ᠳᠤ ᠳᠡᠮᠳᠡᠭᠯᠡᠨ᠎ᠡ᠃ᠵᠢᠷᠭᠤᠭ᠎ᠠ᠂ ᠬᠦᠳᠡᠯᠦᠩᠬᠦᠢ ᠪᠠᠷ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠠᠵᠢᠯᠲᠠᠨ ᠤ ᠪᠠᠷᠢᠮᠵᠢᠶ᠎ᠠ ᠶᠢ ᠪᠠᠲᠤᠯᠠᠬᠤ ᠬᠡᠷᠡᠭᠲᠡᠢ    ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠪᠣᠯᠤᠨ ᠣᠨᠴᠠ ᠲᠥᠷᠥᠯ ᠤᠨ ᠠᠵᠢᠯᠯᠠᠭᠰᠠᠳ ᠡᠷᠬᠡᠪᠰᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠲᠣᠭᠲᠠᠭᠠᠯ ᠢ ᠬᠠᠩᠭᠠᠵᠤ᠂ ᠬᠢᠨᠠᠨ ᠵᠥᠪᠰᠢᠶᠡᠷᠡᠬᠦ ᠲᠠᠪᠴᠠᠩ ᠳᠤ ᠲᠦᠰᠢᠭᠯᠡᠨ ᠳᠡᠭᠡᠷ᠎ᠡ ᠳᠤᠷᠠᠳᠤᠭᠰᠠᠨ ᠠᠵᠢᠯᠲᠠᠨ ᠳᠤ ᠬᠥᠳᠡᠯᠦᠩᠭᠦᠶ ᠪᠠᠷ ᠬᠢᠨᠠᠯᠲᠠ ᠬᠠᠮᠢᠶᠠᠷᠤᠯᠲᠠ ᠬᠢᠵᠦ᠂ ᠬᠦᠷᠦᠯᠴᠡᠬᠦ ᠦᠭᠡᠶ ᠲᠠᠯ᠎ᠠ ᠭᠠᠷᠪᠠᠯ᠂ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠶᠢ ᠰᠠᠨᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠮᠥᠨ ᠬᠦ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠡᠳᠦᠶ ᠪᠣᠯ ᠠᠶᠤᠯᠭᠦᠢ  ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠣᠰᠣᠭᠠᠷ ᠪᠤᠴᠠᠭᠠᠨ ᠠᠪᠤᠨ᠎ᠠ᠃    ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢᠭᠡᠨᠲᠡ ᠣᠯᠤᠭᠰᠠᠨ ᠠᠵᠤ ᠠᠬᠤᠶᠢᠯᠠᠯ᠂ ᠲᠥᠷᠥᠯ ᠵᠦᠢᠯ ᠨᠡᠮᠡᠭᠳᠡᠭᠦᠯᠬᠦ ᠪᠤᠶᠤ ᠳᠡᠰ ᠳᠡᠪᠰᠢᠭᠦᠯᠦᠨ ᠪᠤᠰᠤᠳ ᠲᠥᠷᠥᠯ ᠢᠯᠭᠠᠯ ᠪᠠ ᠵᠡᠷᠭᠡ ᠳᠡᠰ ᠣᠯᠤᠭᠰᠠᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠢ ᠣᠯᠤᠭᠰᠠᠨ ᠤ ᠳᠠᠷᠠᠭ᠎ᠠ᠂ 1 ᠰᠠᠷ᠎ᠠ ᠶᠢᠨ ᠳᠣᠲᠣᠷ᠎ᠠ ᠡᠵᠡᠩᠨᠡᠯᠲᠡ ᠶᠢᠨ ᠬᠡᠪᠴᠢᠶ᠎ᠡ᠂ ᠲᠥᠬᠦᠭᠡᠷᠦᠮᠵᠢ ᠶᠢᠨ ᠬᠠᠮᠢᠶᠠᠷᠤᠯᠲᠠ ᠪᠠ ᠦᠢᠯᠡᠳᠪᠦᠷᠢᠯᠡᠯ ᠤᠨ ᠬᠡᠷᠡᠭᠴᠡᠭᠡ ᠲᠠᠢ ᠤᠶᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠬᠤ ᠬᠤᠯᠪᠤᠭᠳᠠᠯ ᠪᠦᠬᠦᠢ ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠢ ᠭᠦᠢᠴᠡᠳ ᠲᠣᠬᠢᠷᠠᠭᠤᠯᠵᠤ᠂ ᠬᠤᠭᠤᠴᠠᠭ᠎ᠠ ᠨᠢ ᠬᠡᠲᠦᠷᠡᠲᠡᠯ᠎ᠡ ᠲᠣᠬᠢᠷᠠᠭᠤᠯᠤᠭᠰᠠᠨ ᠦᠭᠡᠶ ᠶᠢ ᠨᠢ ᠬᠠᠤᠯᠢ ᠶᠣᠰᠣᠭᠠᠷ ᠲᠡᠭᠦᠨ ᠤ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠪᠤᠴᠠᠭᠠᠨ ᠠᠪᠤᠨ᠎ᠠ᠃      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ        2023 ᠣᠨ ᠤ 9 ᠳ᠋ᠦ᠋ᠭᠡᠷ ᠰᠠᠷ᠎ᠠ ᠶᠢᠨ 22 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map