2024 ᠣᠨ ᠤ ᠨᠢᠭᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ
ᠨᠡᠶᠢᠲᠡᠯᠡᠭᠰᠡᠨ ᠴᠠᠭ᠄
2024/1/18
  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2024 ᠣᠨ ᠤ ᠨᠢᠭᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠡᠳᠦᠭᠡ 1 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 7 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 5 ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 10 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠨᠡᠶᠢᠲᠡᠯᠡᠬᠦ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 11 ᠤ ᠡᠳᠦᠷ ᠤᠨ 17 ᠴᠠᠭ 30 ᠮᠢᠨᠦ᠋ᠲ ᠪᠣᠯᠲᠠᠯ᠎ᠠ᠂ ᠨᠡᠶᠢᠲᠡᠯᠡᠭᠰᠡᠨ ᠰᠠᠨᠠᠯ ᠳᠤ ᠣᠨᠳᠣᠣ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠣᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠦᠭᠡᠢ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠳᠤ ᠪᠣᠳᠠᠲᠠᠢ ᠰᠠᠨᠠᠯ ᠢ ᠪᠠᠶᠢᠴᠠᠭᠠᠨ ᠦᠵᠡᠵᠦ ᠪᠣᠯᠣᠨ᠎ᠠ᠃  ᠶᠠᠮᠠᠷᠪᠠ ᠬᠠᠮᠢᠶ᠎ᠠ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠰᠢᠦᠳᠠᠨ ᠢᠶᠠᠷ ᠢᠯᠡᠭᠡᠬᠦ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠬᠡᠯᠪᠡᠷᠢ ᠪᠠᠨ ᠦᠯᠡᠳᠡᠭᠡᠵᠦ᠂ ᠬᠡᠷᠡᠭᠴᠡᠭᠡ ᠳᠤ ᠪᠠᠨ ᠪᠡᠯᠡᠳᠬᠡᠬᠦ ᠬᠡᠷᠡᠭᠲᠡᠶ᠃  ᠬᠠᠷᠢᠯᠴᠠᠬᠤ ᠤᠲᠠᠰᠤ᠄ 0471-6945165᠂ 0471-6945092  ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠣᠩᠬᠤᠪᠴᠢ    ᠳᠠᠭᠠᠯᠳᠤᠭᠤᠯᠤᠯ᠄ 1.ᠨᠢᠭᠡᠳᠦᠭᠡᠷ ᠪᠦᠯᠦᠭ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ  2. ᠨᠢᠭᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ  3.ᠨᠢᠭᠡᠳᠦᠭᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ  4. ᠨᠢᠭᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ    2024 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map