︽ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ︾ ᠢ ᠤᠯᠠᠮᠵᠢᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/1/18
ᠬᠥᠬᠡᠬᠤᠲᠠ᠂ ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ᠄      ᠶᠡᠷᠦᠩᠬᠡᠶ ᠱᠦᠵᠢ ᠰᠢ ᠶᠢᠨ ᠫᠢᠩ ᠤᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠤᠰᠠᠳᠠ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠨᠡᠯᠡᠨ ᠵᠢᠱᠢᠬᠦ ᠲᠦᠷᠢᠮ ᠢ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠭᠠᠵᠠᠷ ᠤᠨ ᠳᠡᠰ ᠵᠢᠴᠢ ᠲᠡᠭᠦᠨ ᠠᠴᠠ ᠳᠡᠭᠡᠭᠰᠢᠬᠢ ᠬᠤᠲᠠ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ᠂ ᠡᠳᠦᠭᠡ ︽ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ︾ ︵ ᠪᠠᠶᠢᠭᠤᠯᠬᠤ ᠰᠠᠯᠠᠭ᠎ᠠ ﹇ 2023﹈ 75 ᠳ᠋ᠤᠭᠠᠷ ᠲᠣᠭᠠᠲᠤ︶ ᠢ ᠲᠠ ᠨᠠᠷ  ᠲᠤ ᠤᠯᠠᠮᠵᠢᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃  ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠶ  ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠠᠷᠠᠳ ᠲᠦᠮᠡᠨ ᠤ ᠲᠥᠯᠥᠭᠡ ᠪᠠᠶᠢᠬᠤ ᠣᠨᠣᠯᠵᠢᠬᠤᠨ ᠢ ᠪᠠᠷᠢᠮᠲᠠᠯᠠᠨ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠬᠤᠲᠠ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠬᠦ ᠴᠢᠬᠤᠯᠠ ᠭᠠᠷᠳᠠᠴᠠ ᠪᠣᠯᠭᠠᠵᠤ᠂ ᠬᠤᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠴᠢᠳᠠᠮᠵᠢ ᠶᠢ ᠲᠡᠭᠦᠯᠳᠡᠷᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦᠯᠢ ᠴᠣᠭᠴᠠ ᠪᠠᠷ ᠨᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ ᠴᠢᠨᠠᠷ ᠲᠠᠢ᠂ ᠣᠶᠤᠨᠴᠢ ᠬᠤᠲᠠ ᠶᠢ ᠪᠣᠶ ᠪᠣᠯᠭᠠᠨ᠎ᠠ᠃  ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠵᠣᠬᠢᠴᠠᠮᠵᠢ ᠪᠠᠨ ᠪᠦᠷᠢᠨᠰᠢᠭᠦᠯᠬᠦ ᠬᠡᠷᠡᠭᠲᠡᠶ  ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠳᠤ ᠬᠤᠲᠠ ᠶᠢᠨ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠦᠷᠦᠭᠦᠯᠡᠵᠦ᠂ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ᠂ ᠲᠣᠭᠤᠷᠢᠭ᠂ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠬᠠᠮᠲᠤ ᠪᠠᠷ ᠣᠷᠣᠯᠴᠠᠵᠤ᠂ ᠭᠤᠷᠪᠠᠳᠠᠬᠢ ᠲᠠᠯ᠎ᠠ ᠶᠢᠨ ᠲᠤᠰᠬᠠᠶ ᠮᠡᠷᠭᠡᠵᠢᠯ ᠤᠨ ᠪᠦᠯᠬᠦᠮ ᠨᠡᠶᠢᠲᠡ ᠪᠠᠷ ᠬᠠᠷᠢᠭᠤᠴᠠᠭᠤᠯᠬᠤ ᠠᠵᠢᠯ ᠤᠨ ᠵᠣᠬᠢᠴᠠᠮᠵᠢ ᠶᠢ ᠪᠠᠶᠢᠭᠤᠯᠤᠨ᠎ᠠ᠃ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠤᠷ᠎ᠠ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠡᠶ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠵᠢᠯ ᠪᠦᠷᠢ 3 – 8 ᠳ᠋ᠤᠭᠠᠷ ᠰᠠᠷ᠎ᠠ ᠳᠤ ᠥᠷᠨᠢᠭᠦᠯᠵᠦ᠂ ᠡᠯ᠎ᠡ ᠭᠠᠵᠠᠷ ᠤᠨ ᠬᠢᠨ ᠲᠥᠰᠦᠪ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠪᠣᠳᠠᠲᠠᠶ ᠠᠵᠢᠯ ᠤᠨ ᠬᠡᠷᠡᠭᠴᠡᠭᠡ ᠲᠠᠢ ᠪᠠᠨ ᠤᠶᠠᠯᠳᠤᠭᠤᠯᠤᠨ᠂ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠳᠡᠮᠵᠢᠯᠭᠡ ᠦᠵᠡᠭᠦᠯᠵᠦ ᠪᠣᠯᠤᠨ᠎ᠠ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠵᠢᠯ ᠪᠦᠷᠢ ᠶᠢᠨ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠨ ᠤ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ᠃    2023 ᠣᠨ ᠤ 12 ᠳ᠋ᠤᠭᠠᠷ ᠰᠠᠷ᠎ᠠ ᠶᠢᠨ 15 ᠤ ᠡᠳᠦᠷ ᠳᠠᠭᠠᠯᠳᠤᠭᠤᠯᠤᠯ᠄ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠵᠢᠯᠣᠭᠤᠳᠬᠤ ᠰᠠᠨᠠᠯ.pdf
ᠢᠷᠡᠯᠲᠡ᠄ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ
Baidu
map