ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠄ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠲᠣᠭᠲᠠᠭᠠᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ
ᠨᠡᠶᠢᠲᠡᠯᠡᠭᠰᠡᠨ ᠴᠠᠭ᠄
2024/1/23
     1 ᠳ᠋ᠤᠭᠡᠷ ᠰᠠᠷ᠎ᠠ ᠶᠢᠨ 10 ᠤ ᠡᠳᠦᠷ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ 2023 ᠣᠨ ᠤ ᠠᠵᠢᠯ ᠢ ᠰᠢᠰᠲ᠋ᠧᠮ ᠲᠠᠢ ᠳ᠋ᠦᠩᠨᠡᠵᠦ ᠂ ᠪᠠᠶᠢᠳᠠᠯ ᠢ ᠵᠠᠳᠠᠯᠵᠤ ᠂ 2024 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠂ ︽ ᠬᠤᠶᠠᠷ ᠶᠡᠭᠡ ᠶᠠᠪᠤᠳᠠᠯ ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ︽ ᠰᠢᠨ᠎ᠡ ᠵᠠᠮ ᠢ ᠨᠡᠭᠡᠭᠡᠵᠦ ᠂ ᠳᠤᠮᠳᠠ ᠤᠷᠤᠰᠬᠠᠯ ᠳᠤ ᠣᠷᠣᠬᠤ ︾ ᠬᠠᠷᠠᠯᠲᠠ ᠶᠢ ᠲᠣᠭᠲᠠᠭᠠᠵᠤ ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ ᠃
1.jpg
     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠴᠣᠬᠤᠯᠠᠪᠤᠷᠢ ᠥᠭᠴᠦ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠶᠠᠷᠢᠶ᠎ᠠ ᠲᠠᠯᠪᠢᠪᠠ᠃       ᠶᠤᠤ ᠶᠦᠩ ᠪᠥᠸᠧ ᠴᠣᠬᠤᠯᠠᠪᠤᠷᠢ ᠳᠤ ᠪᠠᠨ ᠂ 2023 ᠣᠨ ᠳᠤ ᠂ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠥᠷᠭᠡᠨ ᠤᠯᠠᠨ ᠺᠠᠳ᠋ᠷ ᠠᠵᠢᠯᠲᠠᠨ ᠂ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ ᠂ ︽ ᠬᠤᠶᠠᠷ ᠶᠡᠭᠡ ᠶᠠᠪᠤᠳᠠᠯ ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠲᠣᠭᠲᠠᠭᠤᠨ ᠢᠶᠠᠷ ᠨᠡᠮᠡᠭᠳᠡᠬᠦ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠲᠦᠭᠰᠢᠭᠦᠷᠢ ᠶᠢ ᠰᠡᠷᠭᠡᠶᠢᠯᠡᠬᠦ ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠢᠯᠡᠳᠲᠡ ᠦᠷ᠎ᠡ ᠪᠦᠲᠦᠮᠵᠢ ᠣᠯᠵᠠᠢ ᠃ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ ᠃ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠢ ᠬᠠᠮᠤᠭ ᠤᠨ ᠶᠡᠭᠡ ᠤᠯᠤᠰ ᠲᠥᠷᠥ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡ ᠬᠦ ᠭᠤᠣᠯ ᠰᠢᠵᠢᠮ ᠢ ᠪᠠᠲᠤ ᠪᠠᠬᠢ ᠪᠤᠶ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠭᠡᠷ ᠪᠠᠶᠢᠰᠢᠩ ᠭᠠᠵᠠᠷ ᠬᠥᠷᠥᠩᠭᠡ ᠪᠣᠯᠣᠨ ᠪᠠᠷᠢᠯᠭ᠎ᠠ ᠶᠢᠨ ᠦᠢᠯᠡᠰ ᠤᠨ ᠬᠤᠶᠠᠷ ᠶᠡᠭᠡ ᠲᠤᠯᠭᠠᠭᠤᠷᠢ ᠶᠢ ᠬᠦᠴᠦᠯᠡᠨ ᠲᠣᠭᠲᠠᠪᠤᠷᠢᠵᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠴᠢᠨᠠᠷᠲᠠᠢ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠵᠤ᠂ ︽ᠳᠤᠯᠠᠭᠠᠨ ᠤ ᠢᠨᠵᠧᠨᠧᠷᠢᠩ︾ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠶᠢ ᠪᠡᠶᠡᠯᠡᠭᠦᠯᠬᠦ ᠳᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠳᠡᠢ ᠭᠡᠵᠦ ᠵᠢᠭᠠᠨ ᠭᠠᠷᠭᠠᠪᠠ᠃
2.jpg
      ᠬᠤᠷᠠᠯ ᠠᠴᠠ 2023 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠥᠬᠦ ᠲᠠᠯ᠎ᠠ ᠶᠢᠨ ᠳ᠋ᠦᠩᠨᠡᠯᠲᠡ ᠬᠢᠪᠡ᠃       — ᠭᠤᠣᠯ ᠰᠡᠳᠦᠪᠲᠦ ᠬᠥᠮᠦᠵᠢᠯ ᠡᠯᠪᠡᠭ ᠳᠡᠯᠪᠡᠭ ᠦᠷ᠎ᠡ ᠪᠦᠲᠦᠭᠡᠯ ᠣᠯᠪᠠ ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ︽ᠵᠢᠷᠭᠤᠭᠠᠨ ᠨᠠᠷᠢᠨ ᠳᠠᠩᠰᠠ︾ ᠪᠠᠷ ᠭᠠᠷᠳᠠᠴᠠ ᠪᠣᠯᠭᠠᠵᠤ᠂ ︽ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠨᠦᠷ ᠠᠮᠲᠠ︾ ᠶᠢ ᠳᠣᠪᠤᠶᠢᠯᠭᠠᠬᠤ ᠶᠢ ᠪᠠᠷᠢᠮᠲᠠᠯᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠨᠡᠮᠡᠬᠦ᠂ ᠬᠠᠰᠤᠬᠤ᠂ ᠦᠷᠡᠵᠢᠭᠦᠯᠬᠦ᠂ ᠬᠤᠪᠢᠶᠠᠬᠤ ︾ ᠳᠥᠷᠪᠡᠨ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ᠂ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠲᠡᠷᠢᠭᠦᠨ ᠪᠠᠶᠢᠷᠢᠨ ᠳᠤ ᠳᠡᠪᠰᠢᠬᠦ ᠪᠠᠷ ᠴᠢᠷᠮᠠᠶᠢᠬᠤ︾ ︽3+1︾ ᠠᠵᠢᠯᠯᠠᠭ᠎ᠠ ᠪᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢ ᠨᠥᠯᠥᠭᠡᠯᠡᠵᠦ ᠪᠠᠶᠢᠭ᠎ᠠ ᠬᠦᠴᠢᠷ ᠪᠡᠷᠬᠡ ᠠᠰᠠᠭᠤᠳᠠᠯ ᠢ ᠤᠯᠠᠮ ᠨᠢᠭᠡ ᠠᠯᠬᠤᠮ ᠨᠠᠪᠲᠠᠷᠡᠭᠦᠯᠵᠦ᠂ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠂ ᠭᠤᠣᠯᠳᠠᠯᠭ᠎ᠠ ᠲᠠᠢ ᠠᠵᠢᠯ ᠤᠨ ᠰᠢᠪᠲᠤᠯᠤᠯᠲᠠ ᠪᠠᠷ ᠪᠦᠬᠦ᠋ᠢᠯᠡ ᠠᠵᠢᠯ ᠤᠨ ᠳᠡᠭᠡᠭᠰᠢᠯᠡᠯᠲᠡ ᠶᠢ ᠲᠠᠶᠢᠴᠢᠯᠠᠪᠠ᠃      — ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠣᠭᠲᠠᠭᠤᠨ ᠤ ᠲᠤᠮᠳᠠ ᠰᠠᠶᠢᠵᠢᠷᠠᠪᠠ ᠃ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠦᠵᠡᠭᠦᠯᠭᠡ ᠢ ᠡᠷᠭᠢᠯᠡᠵᠦ᠂ ᠪᠡᠯᠡᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ︽ ᠣᠷᠣᠨ ᠰᠠᠭᠤᠴᠠ ᠶᠢ ᠮᠡᠳᠡᠷᠡᠬᠦ ᠠᠴᠠ ᠪᠢᠰᠢ ᠵᠢᠭᠡᠯᠡᠯᠭᠡ ᠶᠢ ᠮᠡᠳᠡᠷᠡᠬᠦ ᠦᠭᠡᠢ ︾ ᠲᠤᠭᠳᠠᠭᠠᠯ ᠢ ᠨᠡᠶᠢᠲᠡᠯᠡᠵᠦ ᠂ ᠠᠩᠬᠠᠨ ᠤ ᠣᠷᠣᠨ ᠰᠠᠭᠤᠴᠠ ᠶᠢ ᠶᠡᠭᠡ ᠪᠠᠷ ᠲᠡᠮᠵᠢᠵᠤ ᠂ ᠬᠤᠶᠠᠳᠠᠭᠢ ᠣᠷᠣᠨ ᠰᠠᠭᠤᠴᠠ ᠶᠢ ᠵᠦᠢ ᠵᠣᠬᠢᠰᠲᠠᠢ ᠲᠡᠮᠵᠢᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠲᠦᠯᠬᠢᠨ ᠠᠬᠢᠭᠤᠯᠪᠠ ᠃ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠲᠤᠯᠠᠭᠠᠲᠤ ᠲᠤᠰᠢᠶᠠᠬᠤ ᠠᠰᠠᠷ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ ᠪᠥᠬᠦ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠬᠦᠨ ᠢ ᠬᠦᠴᠦᠨ ᠦᠭᠡᠢ ᠪᠤᠯᠭᠠᠬᠤ ᠶᠢ ᠲᠦᠯᠬᠢᠨ ᠠᠬᠢᠭᠤᠯᠪᠠ ᠃       — ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠡᠳᠦᠷ ᠢᠷᠡᠬᠦᠶ᠎ᠡ ᠲᠡᠭᠦᠯᠳᠡᠷᠵᠢᠪᠡ ᠃ ᠤᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠠᠨ ᠭᠤᠤᠯ ᠴᠣᠭᠴᠠ ᠠᠴᠠ ᠬᠠᠩᠭᠠᠬᠤ ᠂ ᠤᠯᠠᠨ ᠠᠷᠭ᠎ᠠ ᠵᠠᠮ ᠢᠶᠠᠷ ᠪᠠᠲᠤᠯᠠᠬᠤ ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠲᠦᠷᠭᠡᠪᠴᠢᠯᠡᠨ ᠪᠠᠶᠢᠭᠤᠯᠪᠠ ᠃ 1.12 ᠲᠦᠮᠡᠨ ᠢᠵᠢ ︵ ᠲᠠᠰᠤᠯᠭ᠎ᠠ ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ ᠂ ᠬᠤᠳᠠ ᠪᠠᠯᠭᠠᠰᠤᠨ ᠤ 1.56 ᠲᠦᠮᠡᠨ ᠢᠵᠢ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ ᠂ 2.76 ᠲᠦᠮᠡᠨ ᠡᠷᠦᠭᠡ ᠳᠤ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠣᠯᠭᠤᠪᠠ ᠃ ᠲᠠᠷᠢᠶᠠᠯᠠᠬᠤ ᠮᠠᠯᠵᠢᠬᠤ ᠣᠷᠣᠨ ᠤ 4211 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠬᠡᠷᠡᠭᠵᠢᠭᠦᠯᠪᠡ᠃ 1.6 ᠲᠦᠮᠡᠨ ᠰᠠᠭᠤᠷᠢ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠂ 6.8 ᠲᠦᠮᠡᠨ ᠢᠵᠢ ᠬᠤᠳᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠪᠠ ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠶᠡᠷᠦᠩᠬᠡᠢ ᠲᠤᠭ᠎ᠠ 564.8 ᠳ᠋ᠦᠩᠰᠢᠭᠤᠷ ᠲᠥᠭᠦᠷᠢᠭ ᠲᠤ ᠬᠦᠷᠴᠦ ᠂ 423.6 ᠳ᠋ᠦᠩᠰᠢᠭᠤᠷ ᠲᠥᠭᠦᠷᠢᠭ ᠢ ᠭᠠᠷᠭᠠᠨ ᠠᠪᠴᠤ ᠂ 277.4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ ᠃       — ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠲᠦᠷᠭᠡᠳᠪᠡ ᠃ ᠭᠤᠣᠯᠳᠠᠯᠭ᠎ᠠ ᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 —2025 ᠣᠨ︶︾ ᠶᠢ ᠨᠡᠶᠢᠲᠡᠯᠡᠬᠦ ᠶᠢᠨ ᠬᠠᠮᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠣᠷᠣᠨ ᠤ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ᠂ ᠨᠡᠮᠡᠭᠳᠡᠯ ᠥᠷᠲᠡᠭ ᠴᠥᠮ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠪᠡ᠃ ᠵᠠᠬ᠎ᠠ ᠳᠡᠯᠭᠡᠭᠦᠷᠴᠢᠯᠡᠬᠦ ᠠᠷᠭ᠎ᠠ ᠬᠡᠯᠪᠡᠷᠢ ᠶᠢ ᠬᠡᠷᠡᠭᠯᠡᠨ ᠪᠥᠬᠦ ᠤᠯᠤᠰ ᠤᠨ ᠠᠩᠬᠠᠳᠠᠭᠴᠢ ᠮᠤᠵᠢ ᠶᠢᠨ ᠱᠠᠲᠤᠨ ᠤ ᠠᠵᠢᠯ ᠲᠥᠷᠥᠯ ᠤᠨ ᠲᠠᠪᠴᠠᠩ ︽ᠥᠪᠥᠷ ᠮᠣᠩᠭᠤᠯ ᠤᠨ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ︾ ᠢ ᠪᠠᠶᠢᠭᠤᠯᠵᠤ᠂ ᠪᠥᠬᠦ ᠬᠡᠯᠬᠢᠶᠡᠲᠦ ᠠᠵᠤ ᠦᠢᠯᠡᠰ ᠤᠨ ᠡᠨᠧᠷᠭᠢ ᠶᠢᠨ ᠴᠤᠭᠯᠠᠷᠠᠯ ᠤᠨ ᠬᠥᠭᠵᠢᠯᠲᠡ ᠶᠢ ᠪᠡᠶᠡᠯᠡᠭᠦᠯᠦᠨ᠂ ᠨᠢᠭᠡᠨᠲᠡ 1186 ᠬᠠᠩᠭᠠᠯᠭ᠎ᠠ ᠶᠢᠨ ᠬᠤᠳᠠᠯᠳᠤᠭᠠᠴᠢᠨ᠂ 10 ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠪᠤᠯᠵᠦ᠂ ᠨᠡᠶᠢᠲᠡ 1600 ᠲᠦᠮᠡᠨ ᠲᠥᠭᠦᠷᠢᠭ ᠤᠨ ᠠᠷᠠᠯᠵᠢᠶ᠎ᠠ ᠪᠦᠲᠦᠭᠰᠡᠨ ᠪᠠᠶᠢᠨ᠎ᠠ᠃ 567 ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠲᠠᠰ ᠳᠡᠪᠰᠢᠪᠡ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ︽ ᠬᠤᠪᠢᠶᠠᠷᠢ ᠰᠠᠯᠠᠭ᠎ᠠ ᠮᠥᠴᠢᠷ ᠪᠣᠯᠭᠠᠨ ᠥᠭᠡᠷᠡᠴᠢᠯᠡᠬᠦ ︾ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠪᠠ ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠢ ᠲᠦᠯᠬᠢᠨ ᠠᠬᠢᠭᠤᠯᠪᠠ ᠃ ︽ ᠲᠥᠪ ᠤᠨ ᠠᠵᠤ ᠠᠬᠤᠶᠢᠯᠠᠯ ᠨᠢ ᠣᠷᠣᠨ ᠨᠤᠲᠤᠭ ᠤᠨ ᠠᠵᠤ ᠠᠬᠤᠶᠢᠯᠠᠯ ᠢ ᠬᠠᠪᠰᠤᠷᠴᠤ ᠂ ᠲᠣᠮᠣ ᠠᠵᠤ ᠠᠬᠤᠶᠢᠯᠠᠯ ᠨᠢ ᠵᠢᠵᠢᠭ ᠠᠵᠤ ᠠᠬᠤᠶᠢᠯᠠᠯ ᠢ ᠳᠠᠭᠠᠭᠤᠯᠬᠤ ︾ ᠠᠵᠢᠯᠯᠠᠭ᠎ᠠ ᠶᠢ ᠥᠷᠨᠢᠭᠦᠯᠵᠦ ᠂ ᠲᠤᠰ ᠭᠠᠵᠠᠷ ᠣᠷᠣᠨ ᠤ ᠭᠠᠶᠢᠯᠢ ᠶᠢ ᠨᠢᠭᠡᠳᠦᠯᠲᠡᠢ ᠲᠤᠰᠢᠶᠠᠬᠤ ᠶᠢ ᠪᠡᠶᠡᠯᠡᠭᠦᠯᠪᠡ ᠃       — ᠬᠤᠲᠠ ᠬᠥᠳᠡᠭᠡ ᠶᠢᠨ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠲᠡᠭᠡᠭᠰᠢᠯᠡᠭᠦᠯᠪᠡ᠃ ︽ᠤᠯᠤᠰ ᠤᠨ ᠵᠠᠪᠠᠯ ᠰᠣᠩᠭᠤᠬᠤ ᠭᠦᠢᠴᠡᠳᠬᠡᠯ ᠲᠤᠭ᠎ᠠ + ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠭᠦᠢᠴᠡᠳᠬᠡᠯ ᠲᠤᠭ᠎ᠠ + ᠣᠷᠣᠨ ᠨᠤᠲᠤᠭ ᠤᠨ ᠥᠪᠡᠰᠦᠪᠡᠨ ᠰᠣᠩᠭᠤᠬᠤ ᠭᠦᠢᠴᠡᠳᠬᠡᠯ ᠲᠤᠭ᠎ᠠ︾ ᠶᠢᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠰᠢᠰᠲ᠋ᠧᠮ ᠲᠠᠢ ᠪᠣᠶ ᠪᠣᠯᠭᠠᠵᠤ᠂ ︽ᠭᠡᠷ ᠤᠨ ᠪᠠᠶᠢᠳᠠᠯ ᠢ ᠣᠶᠢᠯᠠᠭᠠᠬᠤ — ᠠᠷᠠᠳ ᠤᠨ ᠰᠠᠨᠠᠭ᠎ᠠ ᠶᠢ ᠣᠶᠢᠯᠠᠭᠠᠬᠤ — ᠠᠰᠠᠭᠤᠳᠠᠯ ᠢ ᠡᠷᠢᠬᠦ — ᠰᠢᠨᠡᠴᠢᠯᠡᠯᠲᠡ ᠶᠢ ᠠᠬᠢᠭᠤᠯᠬᠤ — ᠦᠷ᠎ᠡ ᠪᠦᠲᠦᠮᠵᠢ ᠶᠢ ᠦᠨᠡᠯᠡᠬᠦ︾ ᠲᠠᠪᠤ ᠶᠢ ᠨᠢᠭᠡ ᠴᠣᠭᠴᠠᠵᠢᠭᠤᠯᠤᠭᠰᠠᠨ ᠪᠢᠲᠡᠭᠦᠦ ᠭᠤᠭᠴᠤᠭᠠᠲᠤ ᠠᠵᠢᠯ ᠤᠨ ᠵᠠᠭᠪᠤᠷ ᠢ ᠠᠩᠬ᠎ᠠ ᠠᠯᠬᠤᠮ ᠪᠦᠷᠢᠯᠳᠦᠭᠦᠯᠪᠡ᠃ ᠰᠢᠲᠠᠮᠠᠬᠠᠢ ᠬᠡᠢ ᠂ ᠤᠰᠤ ᠬᠠᠩᠭᠠᠬᠤ ᠂ ᠤᠰᠤ ᠭᠠᠳᠠᠭᠰᠢᠯᠠᠭᠤᠯᠬᠤ ᠂ ᠢᠯᠴᠢ ᠬᠠᠩᠭᠠᠬᠤ ᠵᠡᠷᠭᠡ 4 ᠲᠦᠷᠦᠯ ᠤᠨ ᠬᠠᠭᠤᠴᠢᠷᠠᠭᠰᠠᠨ ᠬᠤᠭᠤᠯᠠᠢ ᠲᠣᠣᠷ ᠢ 2220 ᠺᠢᠯᠣᠮᠧᠲᠷ ᠦᠭᠡᠷᠡᠴᠢᠯᠡᠨ ᠰᠠᠶᠢᠵᠢᠷᠠᠭᠤᠯᠪᠠ ᠃ ᠬᠤᠳᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠵᠦ ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠲᠦᠯᠬᠢᠨ ᠠᠬᠢᠭᠤᠯᠪᠠ ᠃ ᠬᠤᠳᠠ ᠶᠢᠨ ᠠᠵᠢᠯᠯᠠᠭᠠᠨ ᠤ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠳᠠ ᠶᠢ ᠡᠬᠢᠯᠡᠭᠦᠯᠵᠦ ᠂ ᠬᠤᠳᠠ ᠬᠥᠳᠡᠭᠡ ᠶᠢᠨ ᠲᠡᠦᠬᠡ ᠰᠣᠶᠣᠯ ᠢ ᠤᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠵᠤ ᠂ ᠲᠡᠦᠬᠡ ᠰᠣᠶᠣᠯ ᠤᠨ 25 ᠵᠡᠭᠡᠯᠢ ᠲᠣᠭᠤᠷᠢᠭ ᠢ ᠵᠠᠭᠠᠭᠯᠠᠨ ᠲᠣᠭᠲᠠᠭᠠᠵᠤ ᠂ 491 ᠲᠡᠦᠬᠡ ᠶᠢᠨ ᠪᠠᠷᠢᠯᠭ᠎ᠠ ᠶᠢ ᠲᠣᠭᠲᠠᠭᠠᠵᠤ ᠂ 16 ᠠᠶᠢᠯ ᠲᠣᠰᠬᠤᠨ ᠢ ᠳᠤᠮᠳᠠᠳᠤ ᠤᠯᠤᠰ ᠤᠨ ᠤᠯᠠᠮᠵᠢᠯᠠᠯᠲᠤ ᠠᠶᠢᠯ ᠲᠣᠰᠬᠤᠨ ᠤ ᠨᠡᠷᠡᠰ ᠤᠨ ᠵᠢᠭᠰᠠᠭᠠᠯᠲᠠ ᠳᠤ ᠣᠷᠣᠭᠤᠯᠪᠠ ᠃       — ᠭᠤᠣᠯᠳᠠᠯᠭ᠎ᠠ ᠲᠠᠢ ᠪᠣᠳᠠᠲᠤ ᠠᠷᠠᠳ ᠤᠨ ᠠᠮᠢᠳᠤᠷᠠᠯ ᠤᠨ ᠶᠠᠪᠤᠳᠠᠯ ᠢᠯᠡᠳᠲᠡ ᠦᠷ᠎ᠡ ᠪᠦᠲᠦᠮᠵᠢ ᠣᠯᠪᠠ ᠃ ᠢᠯᠴᠢ ᠬᠠᠩᠭᠠᠬᠤ ᠬᠤᠭᠤᠯᠠᠢ ᠲᠣᠣᠷ ᠤᠨ ︽ ᠡᠪᠦᠯ ᠤᠨ ᠡᠪᠡᠳᠴᠢᠨ ᠢ ᠵᠤᠨ ᠵᠠᠰᠠᠬᠤ ︾ ᠠᠵᠢᠯ ᠢ ᠥᠷᠨᠢᠭᠦᠯᠵᠦ ᠂ ᠢᠯᠴᠢ ᠶᠢᠨ ᠰᠤᠷᠪᠤᠯᠵᠢ ᠶᠢᠨ ᠦᠢᠯᠡᠳᠪᠦᠷᠢ 4 ᠂ ᠢᠯᠴᠢ ᠰᠣᠯᠢᠯᠴᠠᠬᠤ ᠦᠷᠳᠡᠭᠡ ᠶᠢ 186 ᠰᠢᠨ᠎ᠡ ᠪᠠᠷ ᠪᠠᠶᠢᠭᠤᠯᠵᠤ ᠂ 1380 ᠺᠢᠯᠣᠮᠧᠲᠷ ᠳᠠᠮᠵᠢᠭᠤᠯᠬᠤ ᠬᠤᠭᠤᠯᠠᠢ ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ ᠂ 3300 ᠢᠯᠴᠢ ᠶᠢᠨ ᠬᠦᠴᠦᠨ ᠤ ᠦᠷᠳᠡᠭᠡ ᠂ 1.1 ᠲᠦᠮᠡᠨ ᠢᠯᠴᠢ ᠰᠣᠯᠢᠯᠴᠠᠬᠤ ᠦᠷᠳᠡᠭᠡ ᠂ 2.9 ᠲᠦᠮᠡᠨ ᠺᠢᠯᠣᠮᠧᠲᠷ ᠤᠨ ᠢᠯᠴᠢ ᠬᠠᠩᠭᠠᠬᠤ ᠬᠤᠭᠤᠯᠠᠢ ᠶᠢ ᠪᠦᠬᠦᠨ ᠢ ᠬᠠᠮᠤᠷᠤᠨ ᠬᠠᠮᠠᠭᠠᠯᠠᠵᠤ ᠰᠡᠯᠪᠢᠨ ᠵᠠᠰᠠᠵᠤ ᠂ ᠤᠯᠠᠨ ᠲᠦᠮᠡᠨ ᠤ ᠳᠤᠯᠠᠭᠠᠨ ᠪᠦᠯᠢᠶᠡᠨ ᠢᠶᠠᠷ ᠡᠪᠦᠯ ᠢ ᠥᠩᠭᠡᠷᠡᠭᠦᠯᠬᠦ ᠶᠢ ᠦᠨᠡᠨ ᠬᠦ ᠪᠠᠲᠤᠯᠠᠪᠠ ᠃ ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠵᠤ ᠲᠤᠯᠠᠭᠠᠯᠭ᠎ᠠ ᠶᠢᠨ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠪᠠ᠃ ᠬᠤᠳᠠ ᠪᠠᠯᠭᠠᠰᠤᠨ ᠤ ᠤᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠡᠯ᠎ᠡ ᠲᠦᠷᠦᠯ ᠤᠨ ᠲᠡᠷᠭᠡᠨ ᠵᠣᠭᠰᠣᠭᠠᠯ ᠢ 222 ᠰᠢᠨ᠎ᠡ ᠪᠠᠷ ᠪᠠᠶᠢᠭᠤᠯᠵᠤ ︵ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ︶ ᠂ ᠲᠡᠷᠭᠡᠨ ᠵᠣᠭᠰᠣᠭᠠᠯ ᠤᠨ ᠬᠠᠩᠭᠠᠯᠭ᠎ᠠ ᠶᠢ 7.3 ᠲᠦᠮᠡ ᠰᠢᠨ᠎ᠡ ᠪᠠᠷ ᠨᠡᠮᠡᠭᠳᠡᠭᠦᠯᠪᠡ ᠃ ᠬᠤᠳᠠ ᠶᠢᠨ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ 2 ᠲᠦᠮᠡ ᠪᠠᠶᠢᠭᠤᠯᠪᠠ ᠃ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠬᠠᠷᠰᠢ ᠰᠠᠭᠠᠳ ᠦᠭᠡᠢ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠪᠦᠬᠦᠨ ᠳᠤ ᠪᠠᠷᠢᠮᠵᠢᠶᠠᠳᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠪᠠ ᠃ ᠬᠤᠳᠠ ᠪᠠᠯᠭᠠᠰᠤᠨ ᠤ 1639 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠂ 22.9 ᠲᠦᠮᠡᠨ ᠡᠷᠤᠭᠡ ᠶᠢ ᠥᠭᠡᠷᠡᠴᠢᠯᠡᠨ ᠪᠠᠶᠢᠭᠤᠯᠪᠠ ᠃ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ 14 ᠪᠦᠷᠢᠨ ᠪᠦᠲᠦᠨ ᠲᠤᠷᠰᠢᠯᠲᠠ ᠶᠢᠨ ᠵᠦᠢᠯᠡᠰ ᠢ ᠬᠡᠷᠡᠭᠵᠢᠭᠦᠯᠵᠦ ᠂ 4 ᠵᠦᠢᠯᠡᠰ ᠢ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠤᠷᠰᠢᠯᠲᠠ ᠶᠢᠨ ᠨᠡᠷᠡᠰ ᠲᠤ ᠣᠷᠣᠭᠤᠯᠪᠠ ᠃ ᠪᠥᠬᠦ ᠣᠷᠣᠨ ᠳᠤ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠪᠦᠬᠦᠨ ᠢ ᠪᠦᠷᠬᠦᠭᠦᠯᠬᠦ ᠴᠢᠨᠠᠷ ᠢ ᠲᠡᠭᠡᠭᠰᠢᠯᠡᠭᠦᠯᠬᠦ ᠠᠵᠢᠯᠯᠠᠭ᠎ᠠ ᠶᠢ ᠦᠷᠨᠢᠭᠦᠯᠵᠦ ᠂ ᠪᠥᠬᠦ ᠣᠷᠣᠨ ᠤ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠪᠦᠷᠬᠦᠴᠡ ᠶᠢᠨ ᠨᠣᠷᠮ᠎ᠠ ᠶᠢ 89% ᠳᠤ ᠬᠦᠷᠭᠡᠪᠡ᠃       — ᠪᠣᠬᠢᠷᠲᠤᠯ ᠦᠭᠡᠢ ᠠᠷᠪᠢᠯᠠᠨ ᠭᠠᠮᠨᠠᠬᠤ ᠬᠥᠭᠵᠢᠯᠲᠡ ᠶᠢ ᠲᠦᠷᠭᠡᠪᠴᠢᠯᠡᠨ ᠲᠦᠯᠬᠢᠨ ᠠᠬᠢᠭᠤᠯᠪᠠ ᠃ 169 ︽ᠬᠠᠷᠮᠠᠨ ᠴᠡᠴᠡᠷᠯᠢᠭ︾ ᠢ ᠰᠢᠨ᠎ᠡ ᠪᠠᠷ ᠪᠠᠶᠢᠭᠤᠯᠵᠤ᠂ 154 ᠺᠢᠯᠣᠮᠧᠲᠷ ᠤᠨ ᠬᠤᠲᠠ ᠶᠢᠨ ᠨᠣᠭᠤᠭᠠᠨ ᠵᠠᠮ ᠢ ᠰᠢᠨ᠎ᠡ ᠪᠠᠷ ᠪᠠᠶᠢᠭᠤᠯᠪᠠ᠃ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠣᠷᠣᠨ ᠢ 12 ᠡᠭᠦᠳᠦᠨ ᠪᠠᠶᠢᠭᠤᠯᠪᠠ ᠃ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠭᠰᠠᠨ ᠬᠤᠬᠢᠷᠠᠯ ᠢ ᠵᠠᠰᠠᠬᠤ ᠠᠵᠢᠯ ᠢ ᠴᠢᠩᠭᠠᠳᠬᠠᠵᠤ ᠂ ᠳᠠᠬᠢᠯᠲᠠ ᠤᠰᠤᠨ ᠤ ᠠᠰᠢᠭᠯᠠᠯᠲᠠ ᠶᠢᠨ ᠨᠤᠷᠮ᠎ᠠ ᠶᠢ 45.3%  ᠳᠤ ᠬᠦᠷᠭᠡᠵᠦ ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 18.5 ᠵᠠᠭᠤᠨ ᠤ ᠨᠢᠭᠡᠴᠢ ᠥᠨᠳᠥᠷ ᠪᠣᠯᠭᠠᠪᠠ ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ 77.4% ᠳᠤ ᠬᠦᠷᠭᠡᠵᠦ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠲᠠᠢ ᠪᠠᠶᠢᠭᠤᠯᠤᠯᠲᠤ ᠪᠠᠯᠭᠠᠰᠤ ᠶᠢ 44.8% ᠠᠴᠠ ᠳᠡᠭᠡᠭᠰᠢ ᠳᠤ ᠬᠦᠷᠭᠡᠪᠡ᠃ ᠪᠥᠬᠦ ᠵᠢᠯ ᠳᠤ 2266 ᠲᠦᠮᠡᠨ ᠲᠡᠭᠰᠢ ᠳᠥᠷᠪᠡᠯᠵᠢᠨ ᠮᠧᠲᠷ ᠤᠨ ᠪᠣᠬᠢᠷᠲᠤᠯ ᠦᠭᠡᠢ ᠪᠠᠷᠢᠯᠭ᠎ᠠ ᠶᠢᠨ ᠲᠠᠯᠠᠪᠠᠶ ᠶᠢ ᠰᠢᠨ᠎ᠡ ᠪᠠᠷ ᠠᠵᠢᠯ ᠡᠬᠢᠯᠡᠭᠦᠯᠵᠦ᠂ 2290.4 ᠲᠦᠮᠡᠨ ᠲᠡᠭᠰᠢ ᠳᠥᠷᠪᠡᠯᠵᠢᠨ ᠮᠧᠲᠷ ᠤᠨ ᠪᠣᠬᠢᠷᠲᠤᠯ ᠦᠭᠡᠢ ᠪᠠᠷᠢᠯᠭ᠎ᠠ ᠶᠢᠨ ᠲᠠᠯᠠᠪᠠᠶ ᠶᠢ ᠪᠠᠷᠢᠯᠭ᠎ᠠ ᠳᠠᠭᠤᠰᠬᠠᠵᠤ᠂ ᠪᠠᠷᠢᠯᠭ᠎ᠠ ᠳᠠᠭᠤᠰᠬᠠᠭᠰᠠᠨ ᠲᠠᠯᠠᠪᠠᠶ ᠨᠢ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠪᠠᠷᠢᠯᠭ᠎ᠠ ᠳᠠᠭᠤᠰᠤᠭᠰᠠᠨ ᠡᠵᠡᠯᠡᠬᠦ ᠬᠠᠷᠢᠴᠠᠯ 95.2% ᠲᠤ ᠬᠥᠷᠪᠡ᠃ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠲᠠᠯᠠᠪᠠᠢ ᠶᠢ 1210.2 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ ᠃       —ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ︽ᠰᠠᠶᠢᠨ ᠭᠡᠷ ᠪᠠᠶᠢᠰᠢᠩ︾ ᠢ ᠪᠠᠷᠢᠬᠤ ᠪᠠᠷ ᠬᠠᠷᠠᠯᠲᠠ ᠶᠢᠨ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠭᠤᠯᠬᠤ ᠠᠷᠭ᠎ᠠ ᠬᠡᠯᠪᠡᠷᠢ ᠶᠢᠨ ᠰᠢᠨᠡᠴᠢᠯᠡᠯᠲᠡ᠂ ᠬᠢᠨᠠᠨ ᠬᠠᠮᠢᠶᠠᠷᠤᠯᠳᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠠᠬᠢᠭᠤᠯᠪᠠ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠵᠦᠢᠯᠡᠰ ᠪᠠ ᠠᠵᠤ ᠦᠢᠯᠡᠰ ᠤᠨ ᠰᠠᠭᠤᠷᠢᠨ ᠭᠠᠵᠠᠷ ᠢ ᠢᠳᠡᠪᠬᠢᠲᠡᠢ ᠪᠠᠷ ᠪᠣᠶᠢᠵᠢᠭᠤᠯᠵᠤ ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ 585.8 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠠᠵᠢᠯ ᠡᠬᠢᠯᠡᠭᠦᠯᠵᠦ ᠂ ᠤᠭᠰᠠᠷᠠᠮᠠᠯ ᠮᠠᠶ᠋ᠢᠭ ᠤᠨ ᠰᠠᠭᠤᠷᠢᠨ ᠭᠠᠵᠠᠷ ᠢ 7 ᠪᠣᠶᠢᠵᠢᠭᠤᠯᠪᠠ ᠃ ᠢᠨᠵᠧᠨᠧᠷᠢᠩ ᠤᠨ ᠪᠥᠬᠦ ᠶᠠᠪᠤᠴᠠ ᠪᠥᠬᠦ ᠬᠡᠯᠬᠢᠶᠡᠰᠦ ᠶᠢᠨ ᠶᠠᠰᠤ ᠴᠢᠨᠠᠷ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠢᠨᠵᠧᠨᠧᠷᠢᠩ ᠤᠨ ᠶᠠᠰᠤ ᠴᠢᠨᠠᠷ ᠤᠨ ᠦᠨᠡᠯᠡᠯᠲᠡ ᠶᠢ ᠡᠮᠬᠢ ᠵᠢᠷᠤᠮ ᠲᠠᠢ ᠠᠬᠢᠭᠤᠯᠤᠨ᠂ 36 ᠲᠥᠷᠥᠯ ᠵᠦᠢᠯ ︽ᠲᠠᠯ᠎ᠠ ᠨᠤᠲᠤᠭ ᠬᠤᠨᠳᠠᠭᠠᠲᠤ︾ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠢ ᠭᠥᠷᠳᠡᠵᠦ᠂ 153 ᠲᠥᠷᠥᠯ ᠵᠦᠢᠯ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢᠶᠠᠷ ᠰᠢᠯᠭᠠᠷᠠᠭᠳᠠᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠠᠭᠠᠰᠬᠠᠨ᠂ ᠬᠢᠨᠠᠨ ᠵᠥᠪᠰᠢᠶᠡᠷᠡᠬᠦ ᠵᠦᠢᠯᠡᠰ ᠢ ᠴᠤᠮᠬᠠᠳᠬᠠᠪᠠ᠃       —ᠠᠮᠤᠷ ᠲᠦᠪᠰᠢᠨ ᠬᠥᠭᠵᠢᠯᠲᠡ ᠶᠢᠨ ᠰᠡᠷᠭᠡᠶᠢᠯᠡᠯᠲᠡ ᠶᠢᠨ ᠱᠤᠭᠤᠮ ᠨᠡᠩ ᠪᠠᠲᠤ ᠪᠠᠬᠢ ᠪᠤᠯᠵᠠᠢ ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠦᠪᠰᠤᠪᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠬᠢᠨᠠᠨ ᠰᠢᠯᠭᠠᠯᠲᠠ ᠶᠢᠨ ᠦᠯᠡᠳᠡᠭᠳᠡᠯ ᠲᠥᠷᠥᠯ ᠵᠦᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ ᠠᠬᠢᠭᠤᠯᠪᠠ ᠃       — ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠪᠠ ᠃ ᠨᠠᠮ ᠤᠨ ᠤᠳᠤᠷᠢᠳᠤᠯᠭ᠎ᠠ ᠶᠢ ᠢᠮᠠᠭᠲᠠ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠡᠯ᠎ᠡ ᠬᠦᠷᠢᠶ᠎ᠡ ᠪᠠ ᠪᠦᠬᠦ ᠶᠠᠪᠤᠴᠠ ᠳᠤ ᠲᠤᠭᠤᠰᠢᠯᠠᠭᠤᠯᠵᠦ ᠂ ︽ ᠨᠢᠭᠡᠳᠦᠭᠡᠷ ᠵᠥᠪᠯᠡᠬᠦ ᠰᠡᠳᠦᠪ ︾ ᠤᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠪᠠ ᠃ ︽ᠨᠠᠮ ᠤᠨ ᠪᠠᠶᠢᠭᠤᠯᠤᠯᠲᠠ ᠪᠠᠷ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ︾ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠪᠠ᠃ ︽ ᠲᠠᠪᠤᠨ ᠶᠡᠭᠡ ᠠᠵᠢᠯᠯᠠᠭ᠎ᠠ ︾ ᠶᠢ ᠭᠦᠨᠵᠡᠭᠡᠢ ᠥᠷᠨᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ  ᠪᠤᠳᠠᠳᠠᠢ ᠪᠥᠭᠡᠳ ᠪᠦᠲᠦᠮᠵᠢᠲᠡᠶ ᠪᠠᠷ ᠦᠷᠨᠢᠭᠦᠯᠪᠡ ᠃ ︽ ᠤᠳᠠᠭᠠᠨ ᠂ ᠪᠦᠳᠦᠭᠦᠯᠢᠭ ᠂ ᠬᠡᠶᠢᠰᠪᠦᠷᠢ ︾ ᠪᠠ ︽ ᠭᠤᠷᠪᠠᠨ ᠤᠯᠠᠨ ᠂ ᠭᠤᠷᠪᠠᠨ ᠴᠥᠭᠡᠨ ᠂ ᠭᠤᠷᠪᠠᠨ ᠤᠳᠠᠭᠠᠨ ︾ ᠵᠡᠷᠭᠡ ᠠᠷᠬᠠᠭ ᠭᠡᠮ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠢᠯ ᠢ ︽ ᠵᠢᠷᠤᠮᠵᠢᠭᠤᠯᠬᠤ ᠂ ᠴᠣᠮᠬᠠᠳᠬᠠᠬᠤ ᠂ ᠬᠤᠷᠳᠤᠴᠠ ᠶᠢ ᠲᠦᠷᠭᠡᠳᠬᠡᠬᠦ ︾ ᠶᠢ ᠲᠦᠯᠬᠢᠨ ᠠᠬᠢᠭᠤᠯᠪᠠ ᠃ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ᠂ ᠠᠵᠢᠯ ᠤᠨ ᠶᠠᠰᠤ ᠴᠢᠨᠠᠷ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠶᠢ  ᠪᠡᠶᠡᠯᠡᠭᠦᠯᠪᠡ᠃
3.jpg
      ᠬᠤᠷᠠᠯ ᠠᠴᠠ ᠂ 2024 ᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠭᠤᠷᠢᠨ ᠳᠤ ᠂ ᠭᠤᠣᠯᠳᠠᠯᠭ᠎ᠠ ᠶᠢ ᠳᠤᠪᠤᠶᠢᠯᠭᠠᠵᠤ ᠂ ᠵᠠᠩᠭᠢᠯᠠᠭ᠎ᠠ ᠶᠢ ᠡᠵᠡᠮᠳᠡᠵᠦ ᠂ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃       ᠨᠢᠭᠡ ᠳᠤ᠂ ᠠᠷᠠᠳ ᠲᠦᠮᠡᠨ ᠤ ᠠᠮᠤᠭᠤᠯᠠᠩ ᠣᠷᠣᠨ ᠰᠠᠭᠤᠴᠠ ᠶᠢᠨ ᠰᠠᠭᠤᠷᠢ ᠴᠡᠭ ᠢ ᠪᠠᠲᠤᠳᠬᠠᠵᠤ ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠪᠠ ᠪᠠᠲᠤᠯᠠᠭ᠎ᠠ ᠶᠢᠨ ᠬᠤᠶᠠᠷ ᠰᠢᠰᠲ᠋ᠧᠮᠵᠢ ᠶᠢ ᠲᠡᠭᠦᠯᠳᠡᠷᠵᠢᠭᠦᠯᠦᠨ᠎ᠡ ᠃ ︽ᠭᠡᠷ ᠪᠠᠶᠢᠰᠢᠩ ᠢ ᠰᠠᠭᠤᠬᠤ ᠶᠢᠨ ᠲᠥᠯᠥᠭᠡ ᠶᠤᠮ᠂ ᠬᠠᠷᠢᠨ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠲᠦᠭᠰᠢᠭᠦᠷᠢ ᠶᠢ ᠰᠡᠷᠭᠡᠶᠢᠯᠡᠬᠦ᠂ ᠬᠡᠯᠪᠡᠷᠢ ᠬᠤᠪᠢᠷᠠᠭᠤᠯᠬᠤ ᠶᠢ ᠠᠬᠢᠭᠤᠯᠬᠤ︾ ᠪᠠᠷ ᠭᠤᠣᠯ ᠰᠢᠵᠢᠮ ᠪᠣᠯᠭᠠᠵᠤ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠶᠢ ᠬᠠᠩᠭᠠᠬᠤ ᠪᠠᠷ ᠭᠤᠣᠯᠳᠠᠯᠭ᠎ᠠ ᠪᠣᠯᠭᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠪᠴᠢᠯᠡᠨ ᠬᠥᠭᠵᠢᠭᠦᠯᠵᠦ ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠢᠷᠤᠮᠵᠢᠭᠤᠯᠤᠨ ᠬᠥᠭᠵᠢᠭᠦᠯᠵᠦ ᠂ ᠬᠤᠳᠠ ᠶᠢᠨ ᠨᠤᠷᠠᠬᠤ ᠠᠶᠤᠯᠲᠠᠢ ᠬᠠᠭᠤᠴᠢᠨ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠠᠵᠢᠯ ᠢ ᠲᠦᠯᠬᠢᠨ ᠠᠬᠢᠭᠤᠯᠵᠤ ᠂ ᠤᠯᠠᠨ ᠭᠤᠤᠯ ᠴᠣᠭᠴᠠ ᠠᠴᠠ ᠬᠠᠩᠭᠠᠬᠤ ᠂ ᠤᠯᠠᠨ ᠠᠷᠭ᠎ᠠ ᠵᠠᠮ ᠢᠶᠠᠷ ᠪᠠᠲᠤᠯᠠᠬᠤ ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠲᠦᠷᠭᠡᠪᠴᠢᠯᠡᠨ ᠪᠠᠶᠢᠭᠤᠯᠤᠨ᠎ᠠ ᠃ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠲᠠᠯ᠎ᠠ ᠪᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠦᠷᠢᠨᠰᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠨ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠰᠡᠷᠭᠡᠶᠢᠯᠡᠨ ᠲᠠᠸᠠᠷ ᠤᠨ ᠭᠡᠷ ᠪᠠᠶᠢᠰᠢᠩ ᠢ ᠨᠡᠭᠡᠭᠡᠨ ᠬᠥᠭᠵᠢᠭᠦᠯᠵᠦ ᠪᠣᠷᠣᠯᠠᠭᠤᠯᠬᠤ ᠠᠷᠭ᠎ᠠ ᠮᠠᠶ᠋ᠢᠭ ᠤᠨ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ 5 ᠲᠤᠷᠰᠢᠯᠲᠠ ᠶᠢᠨ ᠴᠡᠭ ᠪᠣᠯᠬᠤ ᠬᠤᠲᠠ ᠳᠤ ᠲᠠᠸᠠᠷ ᠤᠨ ᠭᠡᠷ ᠪᠠᠶᠢᠰᠢᠩ ᠤᠨ ᠪᠡᠯᠡᠨ ᠭᠡᠷ ᠪᠠᠶᠢᠰᠢᠩ ᠤᠨ ᠪᠣᠷᠤᠯᠠᠭᠤᠯᠭ᠎ᠠ ᠶᠢ ᠤᠷᠢᠳ ᠢᠶᠠᠷ ᠥᠷᠨᠢᠭᠦᠯᠦᠨ᠎ᠡ᠃ ︽ ᠬᠥᠮᠥᠨ ᠂ ᠭᠡᠷ ᠪᠠᠶᠢᠰᠢᠩ ᠂ ᠭᠠᠵᠠᠷ ᠰᠢᠷᠣᠢ ᠂ ᠵᠣᠭᠤᠰ ︾ ᠤᠨ ᠡᠯᠧᠮᠧᠨ᠋ᠲ ᠢ ᠬᠤᠯᠪᠣᠯᠳᠤᠭᠤᠯᠬᠤ ᠰᠢᠨ᠎ᠡ ᠵᠣᠬᠢᠴᠠᠮᠵᠢ ᠶᠢ ᠪᠠᠶᠢᠭᠤᠯᠤᠨ᠎ᠠ ᠃ ᠨᠢᠭᠡ ᠬᠤᠲᠠ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠵᠤ᠂ ᠠᠩᠬᠠᠨ ᠤ ᠢᠵᠢ ᠬᠤᠳᠠᠯᠳᠤᠭᠠᠨ ᠤ ᠴᠢᠨᠠᠷᠲᠠᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ᠠᠩᠬᠠᠨ ᠤ ᠢᠵᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ︽ᠣᠷᠣᠨ ᠰᠠᠭᠤᠴᠠ ᠶᠢ ᠮᠡᠳᠡᠷᠡᠬᠦ ᠠᠴᠠ ᠪᠢᠰᠢ ᠵᠢᠭᠡᠯᠡᠯᠭᠡ ᠶᠢ ᠮᠡᠳᠡᠷᠡᠬᠦ ᠦᠭᠡᠢ︾ ᠲᠥᠷᠥ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠎ᠠ ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠩᠭ᠎ᠠ ᠴᠡᠭᠴᠡᠯᠡᠨ ᠵᠠᠰᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠣᠯᠠᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ ᠃ ᠴᠢᠨᠠᠷ ᠰᠠᠶᠢᠲᠠᠢ ᠣᠷᠣᠨ ᠰᠠᠭᠤᠴᠠ ᠶᠢᠨ ᠬᠥᠭᠵᠢᠯᠲᠡ ᠶᠢ ᠲᠦᠯᠬᠢᠨ ᠠᠬᠢᠭᠤᠯᠵᠤ ᠂ ᠰᠠᠶᠢᠨ ᠭᠡᠷ ᠪᠠᠶᠢᠰᠢᠩ ᠂ ᠰᠠᠶᠢᠨ ᠵᠢᠵᠢᠭ ᠲᠣᠭᠤᠷᠢᠭ ᠢ ᠳᠡᠯᠭᠡᠷᠡᠭᠦᠯᠵᠦ ᠂ ᠠᠷᠠᠳ ᠤᠯᠠᠨ ᠤ ᠵᠠᠶᠢᠯᠠᠰᠢ ᠦᠭᠡᠢ ᠴᠢᠨᠠᠷ ᠪᠠ ᠰᠠᠶᠢᠵᠢᠷᠠᠯᠲᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠨ ᠬᠠᠩᠭᠠᠨ᠎ᠠ ᠃ ᠠᠵᠤ ᠠᠬᠤᠶᠢᠯᠠᠯ ᠤᠨ ᠥᠪᠡᠷ ᠢ ᠪᠠᠨ ᠠᠪᠤᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠠᠳᠤᠯᠠᠭᠠᠳᠤ ᠲᠤᠰᠢᠶᠠᠬᠤ ᠠᠰᠠᠷ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠪᠠ ᠰᠡᠷᠭᠦᠭᠡᠬᠦ ᠲᠥᠰᠥᠯ ᠢ ᠤᠷᠢᠳᠴᠢᠯᠠᠨ ᠰᠠᠶᠢᠲᠤᠷ ᠬᠢᠵᠦ᠂ ᠪᠠᠳᠤᠯᠠᠭᠠᠳᠤ ᠲᠤᠰᠢᠶᠠᠬᠤ ᠠᠰᠠᠷ ᠤᠨ ᠡᠭᠦᠷᠭᠡ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ ᠲᠠᠯ᠎ᠠ ᠪᠠᠷ ᠂ ᠰᠢᠨ᠎ᠡ ᠬᠤᠳᠠ ᠶᠢᠨ ᠠᠷᠠᠳ ᠂ ᠵᠠᠯᠠᠭᠤᠴᠤᠳ ᠤᠨ ᠱᠠᠲᠤ ᠦᠶ᠎ᠡ ᠶᠢᠨ ᠴᠢᠨᠠᠷᠲᠠᠢ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠴᠢᠩᠭ᠎ᠠ ᠠᠩᠬᠠᠷᠴᠤ ᠂ 1.69 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠪᠠ ᠃ ᠬᠤᠳᠠ ᠪᠠᠯᠭᠠᠰᠤᠨ ᠤ ᠣᠷᠣᠨ ᠰᠠᠭᠤᠴᠠ ᠶᠢ ᠴᠢᠩᠭ᠎ᠠ ᠠᠩᠬᠠᠷᠴᠤ ᠂ ᠣᠷᠣᠯᠭ᠎ᠠ ᠨᠢ ︽ ᠬᠤᠶᠠᠷ ᠬᠦᠴᠢᠷᠳᠡᠯᠲᠡᠢ ︾ ᠭᠡᠷ ᠪᠦᠯᠢ ᠳᠤ 500 ᠢᠵᠢ ᠨᠡᠶᠢᠲᠡ ᠶᠢᠨ ᠲᠦᠷᠢᠶᠡᠰᠦᠨ ᠭᠡᠷ ᠴᠤᠭᠯᠠᠭᠤᠯᠵᠤ ᠂ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠯᠡᠯ ᠤᠨ ᠨᠥᠬᠦᠪᠦᠷᠢ ᠶᠢ 2 ᠲᠦᠮᠡᠨ ᠡᠷᠤᠭᠡ ᠳᠤ ᠲᠠᠷᠬᠠᠭᠠᠨ᠎ᠠ ᠃ 1500 ᠢᠵᠢ ᠬᠤᠳᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠦᠨ᠎ᠡ ᠃ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠷᠰᠢᠯᠲᠠ ᠳᠤ ᠣᠷᠣᠯᠴᠠᠬᠤ ᠶᠠᠪᠤᠳᠠᠯ ᠢ ᠯᠠᠪᠳᠠᠭᠤᠨ ᠢᠶᠠᠷ ᠲᠦᠯᠬᠢᠨ ᠠᠬᠢᠭᠤᠯᠵᠤ ᠂ ᠰᠢᠨ᠎ᠡ ᠬᠤᠳᠠ ᠶᠢᠨ ᠠᠷᠠᠳ ᠂ ᠵᠠᠯᠠᠭᠤᠴᠤᠳ ᠤᠨ ᠭᠡᠷ ᠪᠠᠶᠢᠰᠢᠩ ᠲᠦᠷᠢᠶᠡᠰᠦᠯᠡᠵᠦ ᠠᠪᠬᠤ ᠶᠢ ᠳᠡᠮᠵᠢᠬᠦ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠠᠩ ᠣᠯᠠᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃       ᠬᠤᠶᠠᠷ ᠲᠤ ᠂ ᠬᠤᠳᠠ ᠶᠢᠨ ᠴᠢᠳᠠᠪᠬᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠂ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠣᠶᠤᠨᠴᠢ ᠬᠤᠳᠠ ᠶᠢ ᠪᠠᠶᠢᠭᠤᠯᠤᠨ᠎ᠠ ᠃ ᠬᠤᠳᠠ ᠶᠢᠨ ᠪᠡᠶ᠎ᠡ ᠶᠢᠨ ᠪᠠᠶᠢᠴᠠᠭᠠᠯᠲᠠ ᠂ ᠬᠤᠳᠠ ᠶᠢᠨ ᠰᠢᠨᠡᠴᠢᠯᠡᠯᠲᠡ ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ ᠂ ᠰᠠᠭᠤᠷᠢ ᠲᠥᠬᠦᠭᠡᠷᠦᠮᠵᠢ ᠶᠢᠨ ᠪᠦᠷᠢᠨ ᠲᠥᠬᠦᠷ ᠤᠨ ᠬᠡᠮᠵᠢᠶ᠎ᠡ ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠦᠬᠦᠮ ᠦᠵᠡᠭᠦᠯᠬᠦ ᠬᠡᠮᠵᠢᠶ᠎ᠡ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠠᠭᠠᠯᠠᠮᠵᠢ ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠂ ᠴᠢᠨᠠᠷ ᠰᠠᠶᠢᠲᠠᠢ ᠠᠮᠢᠳᠤᠷᠠᠯ ᠂ ᠴᠢᠨᠠᠷ ᠰᠠᠶᠢᠲᠠᠢ ᠵᠠᠰᠠᠯᠲᠠ ᠶᠢᠨ ᠰᠢᠨ᠎ᠡ ᠪᠠᠶᠢᠳᠠᠯ ᠢ ᠪᠡᠶᠡᠯᠡᠭᠦᠯᠦᠨ᠎ᠡ ᠃ 12 ᠠᠶᠢᠮᠠᠭ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠲᠥᠪ ᠬᠤᠲᠠ ᠶᠢᠨ ᠲᠣᠭᠤᠷᠢᠭ ᠲᠤ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠨᠥᠬᠦᠴᠡᠯ ᠪᠦᠷᠢᠳᠦᠭᠰᠡᠨ ᠬᠤᠰᠢᠭᠤ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠬᠦ ᠶᠢ ᠲᠦᠯᠬᠢᠨ ᠠᠬᠢᠭᠤᠯᠤᠨ᠎ᠠ ᠃ ᠬᠤᠳᠠ ᠪᠠᠯᠭᠠᠰᠤᠨ ᠤ 1185 ᠂ 19.55 ᠲᠦᠮᠡᠨ ᠡᠷᠤᠭᠡ ᠶᠢ ᠥᠭᠡᠷᠡᠴᠢᠯᠡᠨ ᠰᠠᠶᠢᠵᠢᠷᠠᠭᠤᠯᠬᠤ ᠪᠠᠷ ᠲᠥᠯᠥᠪᠯᠡᠵᠦ ᠂ 14 ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢ ᠰᠠᠶᠢᠲᠤᠷ ᠠᠳᠬᠤᠨ᠎ᠠ ᠃ ᠬᠤᠳᠠ ᠶᠢᠨ ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠠᠮᠠᠷᠬᠠᠨ ᠤᠰᠤᠲᠤᠬᠤ ᠤᠰᠤ ᠬᠤᠷᠠᠬᠤ ᠴᠡᠭ ᠢ ᠵᠠᠰᠠᠬᠤ ᠠᠵᠢᠯ ᠢ ᠴᠢᠩᠭᠠᠳᠬᠠᠨ᠎ᠠ ᠃ ᠰᠢᠲᠠᠮᠠᠬᠠᠢ ᠬᠡᠢ ᠂ ᠤᠰᠤ ᠬᠠᠩᠭᠠᠬᠤ ᠂ ᠤᠰᠤ ᠭᠠᠳᠠᠭᠰᠢᠯᠠᠭᠤᠯᠬᠤ ᠂ ᠢᠯᠴᠢ ᠬᠠᠩᠭᠠᠬᠤ ᠵᠡᠷᠭᠡ ᠲᠦᠷᠪᠡᠨ ᠲᠦᠷᠦᠯ ᠤᠨ ᠬᠠᠭᠤᠴᠢᠷᠠᠭᠰᠠᠨ ᠬᠤᠭᠤᠯᠠᠢ ᠲᠣᠣᠷ ᠢ 1500 ᠺᠢᠯᠣᠮᠧᠲᠷ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ ᠃ ᠬᠤᠳᠠ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ ᠃ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ ᠂ ᠰᠢᠨ᠎ᠡ ᠪᠠᠷ 3 ᠲᠦᠮᠡᠨ ᠲᠡᠷᠭᠡᠨ ᠵᠤᠭᠰᠤᠭᠠᠯ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ ᠃ ᠬᠤᠳᠠ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠡᠭᠦᠯᠳᠡᠷᠵᠢᠭᠦᠯᠵᠦ ᠂ ᠲᠦᠷᠦᠯ ᠬᠤᠪᠢᠶᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠨᠠᠶᠢᠳᠠᠪᠤᠷᠢᠵᠢᠭᠤᠯᠤᠨ᠎ᠠ ᠃ ᠪᠥᠬᠦ ᠣᠷᠣᠨ ᠤ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠯᠳᠠ ᠶᠢᠨ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ ᠃ ︽ᠬᠠᠷᠮᠠᠨ ᠴᠡᠴᠡᠷᠯᠢᠭ︾᠂ ᠬᠤᠲᠠ ᠶᠢᠨ ᠨᠣᠭᠤᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠲᠦᠯᠬᠢᠨ ᠠᠬᠢᠭᠤᠯᠵᠤ᠂ ᠬᠤᠲᠠ ᠶᠢᠨ ᠴᠡᠴᠡᠷᠯᠢᠭ ᠤᠨ ᠨᠣᠭᠤᠭᠠᠨ ᠬᠥᠷᠥᠰᠥ ᠶᠢ ᠨᠡᠭᠡᠭᠡᠨ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ ︽ᠫᠢᠩᠫᠤᠩ ᠪᠥᠮᠪᠦᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ︽ ᠫᠢᠩᠫᠤᠩ ᠪᠥᠮᠪᠦᠭᠡ ᠶᠢ ᠴᠡᠴᠡᠷᠯᠢᠭ ᠲᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ᠂ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠴᠢᠳᠠᠮᠵᠢ ᠶᠢ ᠪᠦᠷᠢᠨᠰᠢᠭᠦᠯᠵᠦ᠂ ᠣᠯᠠᠨ ᠲᠦᠮᠡᠨ ᠳᠤ ᠨᠠᠩ ᠣᠯᠠᠨ ᠲᠥᠬᠦᠮ ᠦᠢᠯᠡᠴᠢᠯᠡᠭᠡ ᠬᠠᠩᠭᠠᠨ᠎ᠠ᠃ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ 9 ᠲᠤᠰᠬᠠᠢ ᠣᠷᠣᠨ ᠤ ᠲᠠᠰ ᠤᠨ ᠬᠤᠲᠠ ᠶᠢᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠠᠰ ᠳᠡᠪᠰᠢᠭᠦᠯᠬᠦ ᠶᠢ ᠲᠦᠯᠬᠢᠨ ᠠᠬᠢᠭᠤᠯᠵᠤ᠂ 20 ᠪᠠᠶᠢᠭᠤᠯᠤᠯᠳᠤ ᠬᠤᠲᠠ ᠳᠤ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠳᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ ᠂ ᠬᠤᠳᠠ ᠶᠢᠨ ᠠᠵᠢᠯᠯᠠᠭᠠᠨ ᠤ ︽ ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠶᠢ ᠪᠡᠶᠡᠯᠡᠭᠦᠯᠦᠨ᠎ᠡ ᠃ ᠪᠥᠬᠦ ᠣᠷᠣᠨ ᠤ ᠣᠷᠣᠨ ᠰᠠᠭᠤᠴᠠ ᠶᠢᠨ ᠠᠳᠠᠯ ᠠᠬᠤᠢ ᠶᠢ ᠪᠦᠬᠦᠨ ᠢ ᠬᠠᠮᠤᠷᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡ ᠶᠢ ᠠᠳᠠᠯ ᠠᠬᠤᠢ ᠶᠢᠨ ᠨᠠᠮ ᠤᠨ ᠪᠠᠶᠢᠭᠤᠯᠤᠯᠲᠠ ᠲᠠᠢ ᠤᠶᠠᠯᠳᠤᠭᠤᠯᠤᠨ ᠰᠢᠰᠲ᠋ᠧᠮ ᠪᠠ ᠬᠡᠰᠡᠭ ᠢ ᠬᠠᠮᠲᠤᠷᠠᠨ ᠪᠠᠶᠢᠭᠤᠯᠬᠤ ᠶᠢ ᠵᠣᠬᠢᠴᠠᠭᠤᠯᠬᠤ ᠵᠣᠬᠢᠴᠠᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠤᠪᠢᠰᠬᠠᠯᠲᠤ ᠠᠳᠠᠯ ᠠᠬᠤᠢ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ 150᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ 50 ᠶᠢ ᠪᠣᠶ ᠪᠣᠯᠭᠠᠨ᠎ᠠ᠃ ᠲᠡᠦᠬᠡ ᠰᠣᠶᠣᠯ ᠤᠨ ᠨᠡᠷᠡᠳᠦ ᠬᠤᠳᠠ ᠨᠡᠷᠡᠳᠦ ᠪᠠᠯᠭᠠᠰᠤ ᠨᠡᠷᠡᠳᠦ ᠲᠣᠰᠬᠤᠨ ᠂ ᠲᠡᠦᠬᠡ ᠰᠣᠶᠣᠯ ᠤᠨ ᠵᠡᠭᠡᠯᠢ ᠲᠣᠭᠤᠷᠢᠭ ᠂ ᠲᠡᠦᠬᠡ ᠶᠢᠨ ᠪᠠᠷᠢᠯᠭ᠎ᠠ ᠂ ᠡᠷᠲᠡᠨ ᠤ ᠪᠠᠷᠢᠯᠭ᠎ᠠ ᠂ ᠤᠯᠠᠮᠵᠢᠯᠠᠯᠲᠤ ᠠᠶᠢᠯ ᠲᠣᠰᠬᠤᠨ ᠢ ᠠᠭᠤᠳᠠᠯᠬᠤ ᠂ ᠬᠠᠮᠠᠭᠠᠯᠠᠬᠤ ᠂ ᠠᠰᠢᠭᠯᠠᠬᠤ ᠶᠢ ᠴᠢᠩᠭᠠᠳᠬᠠᠨ᠎ᠠ ᠃
4.jpg
      ᠭᠤᠷᠪᠠ ᠳᠤ ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ ᠂ ᠪᠠᠷᠢᠯᠭ᠎ᠠ ᠶᠢᠨ ᠦᠢᠯᠡᠰ ᠤᠨ ᠲᠤᠯᠭᠠᠭᠤᠷᠢ ᠠᠵᠤ ᠦᠢᠯᠡᠰ ᠤᠨ ᠪᠠᠶᠢᠷᠢ ᠶᠢ ᠪᠠᠳᠤᠳᠬᠠᠨ᠎ᠠ ᠃ ᠪᠠᠷᠢᠯᠭ᠎ᠠ ᠶᠢᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠠᠵᠤ ᠦᠢᠯᠡᠳᠪᠦᠷᠢᠵᠢᠯᠲᠡ ᠂ ᠲᠣᠭᠠᠴᠠᠯᠠᠯᠲᠠ ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠣᠲᠣᠭᠠᠳᠤ ᠳᠤ ᠪᠠᠨ ᠬᠥᠮᠥᠵᠢᠭᠦᠯᠬᠦ + ᠭᠠᠳᠠᠨ᠎ᠠ ᠠᠴᠠ ᠣᠷᠣᠭᠤᠯᠬᠤ + ᠴᠢᠳᠠᠪᠤᠷᠢᠲᠠᠨ + ᠲᠠᠪᠴᠠᠩ︾ ᠤᠨ ᠬᠠᠮ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠨ᠎ᠡ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠲᠠᠰ ᠳᠡᠪᠰᠢᠬᠦ ᠶᠢ ᠳᠡᠮᠵᠢᠵᠦ᠂ ᠪᠠᠷᠢᠯᠭ᠎ᠠ ᠶᠢᠨ ᠠᠵᠤ ᠠᠬᠤᠶᠢᠯᠠᠯ ᠤᠨ ︽ᠬᠤᠪᠢᠶᠠᠷᠢ ᠰᠠᠯᠠᠭ᠎ᠠ ᠮᠥᠴᠢᠷ ᠪᠣᠯᠭᠠᠨ ᠥᠭᠡᠷᠡᠴᠢᠯᠡᠬᠦ︾ ᠠᠵᠢᠯ ᠢ ᠢᠳᠡᠪᠬᠢᠲᠡᠢ ᠠᠬᠢᠭᠤᠯᠤᠨ᠎ᠠ᠃ ᠪᠠᠷᠢᠯᠭ᠎ᠠ ᠶᠢᠨ ᠠᠵᠤ ᠦᠢᠯᠡᠰ ᠢᠨᠲ᠋ᠧᠷ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠪᠣᠬᠢᠷᠲᠤᠯ ᠦᠭᠡᠢ ᠪᠠᠷᠢᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠲᠠ ᠪᠠᠯᠭᠠᠰᠤ ᠶᠢᠨ ᠪᠠᠷᠢᠯᠭ᠎ᠠ ᠳᠠᠭᠤᠰᠤᠭᠰᠠᠨ ᠪᠣᠬᠢᠷᠲᠤᠯ ᠦᠭᠡᠢ ᠪᠠᠷᠢᠯᠭ᠎ᠠ ᠶᠢᠨ ᠪᠥᠬᠦ ᠪᠠᠷᠢᠯᠭ᠎ᠠ ᠳᠠᠭᠤᠰᠤᠭᠰᠠᠨ ᠪᠠᠷᠢᠯᠭ᠎ᠠ ᠶᠢᠨ ᠲᠠᠯᠠᠪᠠᠶ ᠳᠠᠬᠢ ᠡᠵᠡᠯᠡᠬᠦ ᠬᠠᠷᠢᠴᠠᠯ ᠢ 95% ᠳᠤ ᠬᠦᠷᠭᠡᠬᠦ ᠪᠠᠷ ᠴᠢᠷᠮᠠᠶᠢᠨ᠎ᠠ᠃ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠰᠢᠨ᠎ᠡ ᠪᠠᠷ ᠨᠡᠮᠡᠭᠳᠡᠭᠦᠯᠵᠦ ᠳᠡᠯᠭᠡᠷᠡᠭᠦᠯᠦᠨ ᠬᠡᠷᠡᠭᠯᠡᠬᠦ ᠲᠠᠯᠠᠪᠠᠶ ᠶᠢ 900 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠭᠡᠬᠦ ᠪᠠᠷ ᠴᠢᠷᠮᠠᠶᠢᠨ᠎ᠠ ᠃ ᠣᠶᠤᠨᠴᠢ ᠪᠦᠲᠦᠭᠡᠨ ᠪᠠᠶᠢᠭᠤᠯᠤᠯᠳᠠ ᠶᠢᠨ ᠲᠥᠷᠥᠯ ᠵᠦᠢᠯ ᠤᠨ ᠲᠤᠷᠰᠢᠯᠲᠠ ᠶᠢ ᠥᠷᠨᠢᠭᠦᠯᠵᠦ᠂ ᠣᠶᠤᠨᠴᠢ ᠪᠦᠲᠦᠭᠡᠨ ᠪᠠᠶᠢᠭᠤᠯᠤᠯᠳᠠ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠣᠶᠢᠵᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠᠷᠢᠯᠭ᠎ᠠ ᠳᠠᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 25% ᠳᠤ ᠬᠦᠷᠭᠡᠬᠦ ᠪᠠᠷ ᠴᠢᠷᠮᠠᠶᠢᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠳᠠᠭᠠᠳᠬᠠᠯ ᠤᠨ ᠺᠣᠮᠫᠠᠨᠢ ᠂ ᠪᠠᠩᠬᠢ ᠪᠠ ᠳᠠᠭᠠᠭᠠᠯᠲᠠ ᠶᠢᠨ ᠺᠣᠮᠫᠠᠨᠢ ᠶᠢᠨ ᠪᠠᠲᠤᠯᠠᠭ᠎ᠠ ᠶᠢᠨ ᠪᠢᠴᠢᠭ ᠢᠶᠠᠷ ᠪᠡᠯᠡᠨ ᠵᠣᠭᠤᠰ ᠢ ᠣᠷᠣᠯᠠᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠦᠨ᠎ᠡ᠃ ᠪᠠᠷᠢᠯᠭ᠎ᠠ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠦᠨᠡᠯᠡᠵᠦ ᠤᠷᠮᠠᠰᠢᠭᠤᠯᠬᠤ ᠱᠠᠩᠨᠠᠵᠤ ᠲᠣᠷᠭᠠᠬᠤ ᠦᠢᠯᠡᠳᠦᠯ ᠢ ᠪᠠᠳᠠᠷᠠᠭᠤᠯᠤᠨ᠎ᠠ᠃ ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠦᠯᠦᠰᠦᠨ ᠠᠵᠢᠯᠴᠢᠳ  ᠤᠨ ᠴᠠᠯᠢᠩ ᠣᠯᠭᠤᠬᠤ ᠶᠢ ᠪᠠᠲᠤᠯᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠪᠡᠷᠰᠢᠭᠦᠯᠦᠨ᠎ᠡ᠃       ᠳᠥᠷᠪᠡ ᠳᠤ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ 3419 ᠡᠷᠦᠬᠡ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠬᠦᠷᠢᠶ᠎ᠡ ᠬᠠᠰᠢᠶ᠎ᠠ ᠶᠢᠨ ᠵᠢᠷᠤᠭ ᠲᠥᠯᠥᠪᠯᠡᠭᠡ ᠶᠢᠨ ᠵᠢᠷᠤᠭ ᠤᠨ ᠲᠡᠭᠦᠪᠦᠷᠢ︾ ᠶᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠵᠢᠷᠤᠭ ᠲᠥᠯᠥᠪᠯᠡᠭᠡ ᠶᠢ ᠬᠥᠳᠡᠭᠡ ᠪᠠᠭᠤᠯᠭᠠᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠤᠯᠪᠠᠰᠤᠷᠠᠯ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ᠂ ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠵᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ 50% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃       ᠲᠠᠪᠤ ᠳᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ ᠂ ᠬᠢᠨᠠᠨ ᠵᠥᠪᠰᠢᠶᠡᠷᠡᠯ ᠤᠨ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ ᠃ ᠵᠢᠷᠤᠭ ᠢ ᠬᠠᠮᠲᠤᠷᠠᠨ ᠬᠢᠨᠠᠬᠤ᠂ ᠬᠠᠮᠲᠤᠷᠠᠨ ᠰᠢᠯᠭᠠᠨ ᠠᠪᠬᠤ ᠶᠢ ︽ᠨᠢᠭᠡ ᠯᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠡᠷᠭᠡ ᠶᠢ ᠭᠦᠨᠵᠡᠭᠡᠢ ᠠᠬᠢᠭᠤᠯᠵᠤ᠂ ᠨᠢᠭᠡᠴᠢ ᠶᠢᠨ ᠪᠠᠷᠢᠯᠭ᠎ᠠ ᠶᠢᠨ ᠲᠤᠰᠠᠭᠠᠷ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠴᠠᠭᠠᠰᠤ ᠬᠡᠷᠡᠭᠯᠡᠬᠦ ᠦᠭᠡᠢ᠂ ᠰᠦᠯᠵᠢᠶ᠎ᠡ ᠪᠠᠷ ᠭᠦᠢᠴᠡᠳᠬᠡᠬᠦ᠂ ᠥᠴᠥᠬᠡᠨ ᠴᠦ ᠭᠦᠶᠦᠯᠭᠡᠬᠦ ᠦᠭᠡᠢ︾ ᠪᠠᠶᠢᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠣᠶᠤᠨᠴᠢᠯᠠᠭᠰᠠᠨ ᠬᠢᠨᠠᠨ ᠵᠥᠪᠰᠢᠶᠡᠷᠡᠯ ᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃ ᠵ᠊      ᠵᠷᠭᠤᠭ᠎ᠠ ᠳᠤ ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠵᠤ ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠡᠷᠡᠰ ᠰᠠᠬᠢᠨ᠎ᠠ ᠃ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠣᠷᠣᠨ ᠰᠠᠭᠤᠴᠠ ᠪᠣᠯᠣᠨ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠯ᠎ᠡ ᠬᠦᠷᠢᠶ᠎ᠡ ᠪᠣᠯᠣᠨ ᠪᠦᠬᠦ ᠶᠠᠪᠤᠴᠠ ᠳᠤ ᠲᠤᠭᠤᠰᠢᠯᠠᠭᠤᠯᠵᠦ ᠂ ᠠᠶᠤᠯ ᠲᠦᠭᠰᠢᠭᠦᠷᠢ ᠶᠢ ᠪᠠᠶᠢᠴᠠᠭᠠᠨ ᠠᠶᠤᠯ ᠲᠦᠭᠰᠢᠭᠦᠷᠢ ᠶᠢ ᠠᠷᠢᠯᠭᠠᠵᠤ ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠂ ᠥᠨᠳᠥᠷ ᠲᠦᠪᠰᠢᠨ ᠲᠠᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠬᠤᠳᠠ ᠶᠢᠨ ᠠᠮᠢ ᠨᠠᠰᠤᠨ ᠤ ᠱᠤᠭᠤᠮ ᠤᠨ ᠠᠶᠤᠯᠭᠦᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢᠨ ︽ᠡᠷᠬᠢᠨ ᠬᠠᠷᠠᠬᠤ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪᠯᠡᠷᠡᠩᠭᠦᠢ ᠰᠢᠪᠲᠤᠯᠤᠯᠲᠠ ᠶᠢᠨ ᠦᠷ᠎ᠡ ᠪᠦᠲᠦᠮᠵᠢ ᠶᠢ ᠦᠨᠡᠨ ᠬᠦ ᠪᠠᠬᠢᠵᠢᠭᠦᠯᠦᠨ᠎ᠡ᠃ ᠪᠥᠬᠦ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠯᠡᠳᠡᠭᠡᠯ ᠬᠡᠮᠵᠢᠶ᠎ᠡ ᠶᠢ ᠦᠷᠭᠦᠯᠵᠢᠯᠡᠨ ᠠᠷᠢᠯᠭᠠᠨ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠤᠪᠢᠰᠬᠤ ᠬᠡᠮᠵᠢᠶ᠎ᠡ ᠶᠢ ᠰᠡᠷᠭᠡᠶᠢᠯᠡᠨ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠴᠢᠷᠮᠠᠶᠢᠨ ᠠᠷᠢᠯᠭᠠᠨ᠎ᠠ᠃ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠪᠠᠷᠢᠯᠭ᠎ᠠ ᠶᠢᠨ ᠶᠠᠰᠤ ᠴᠢᠨᠠᠷ ᠤᠨ ᠲᠤᠰᠬᠠᠢ ᠪᠠᠶᠢᠴᠠᠭᠠᠯᠲᠠ ᠪᠠ ᠣᠷᠣᠨ ᠰᠠᠭᠤᠴᠠ ᠶᠢᠨ ᠶᠠᠰᠤ ᠴᠢᠨᠠᠷ ᠤᠯᠠᠨ ᠭᠠᠷᠳᠠᠭ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ ᠃ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠵᠡᠷᠭᠡ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ ᠂ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠵᠦᠢᠯᠡᠰ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠦᠷᠭᠦᠯᠵᠢᠯᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ ᠃      ᠲᠤᠯᠤᠭ᠎ᠠ ᠳᠤ ᠂ ᠳᠤᠯᠠᠭᠠᠨ ᠤ ᠢᠨᠵᠧᠨᠧᠷᠢᠩ ᠢ ᠶᠡᠭᠡ ᠪᠠᠷ ᠠᠬᠢᠭᠤᠯᠵᠤ ᠂ ᠤᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠦᠬᠦ ᠬᠦᠴᠦᠨ ᠢᠶᠠᠷ ᠢᠶᠠᠨ ᠪᠠᠳᠤᠯᠠᠨ᠎ᠠ ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠬᠤᠭᠤᠯᠠᠢ ᠲᠣᠣᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠂ ᠢᠯᠴᠢ ᠬᠠᠩᠭᠠᠬᠤ ᠭᠡᠮ ᠰᠣᠭᠤᠭ ᠤᠨ ᠳᠠᠯᠳᠠ ᠭᠡᠮ ᠢ ᠪᠦᠬᠦ ᠲᠠᠯ᠎ᠠ ᠪᠠᠷ ᠠᠷᠢᠯᠭᠠᠵᠤ ᠂ ᠢᠯᠴᠢ ᠬᠠᠩᠭᠠᠬᠤ ᠶᠢ ᠪᠠᠲᠤᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ ᠃ ᠬᠤᠲᠠ ᠪᠠᠯᠭᠠᠰᠤ ᠶᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ︽ᠵᠢᠯ ᠡᠬᠢᠯᠡᠪᠡᠯ ᠠᠵᠢᠯ ᠡᠬᠢᠯᠡᠭᠦᠯᠵᠦ᠂ ᠨᠡᠭᠡᠭᠡᠨ ᠬᠥᠭᠵᠢᠭᠦᠯᠪᠡᠯ ᠠᠵᠢᠯ ᠡᠬᠢᠯᠡᠬᠦᠯᠬᠦ ︾ ᠶᠢ ᠦᠨᠡᠨ ᠬᠦ ᠪᠠᠲᠤᠯᠠᠨ᠎ᠠ᠃ ᠳᠤᠯᠠᠭᠠᠯᠭ᠎ᠠ ᠶᠢᠨ ᠶᠠᠪᠤᠴᠠ ᠳᠤ ᠣᠯᠠᠨ ᠲᠦᠮᠡᠨ ᠤ ᠲᠤᠰᠬᠠᠭᠰᠠᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠡᠪᠦᠯ ᠤᠨ ᠡᠪᠡᠳᠴᠢᠨ ᠢ ᠵᠣᠨ ᠵᠠᠰᠠᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠤᠯᠠᠭᠠᠯᠭ᠎ᠠ ᠶᠢᠨ ᠶᠠᠰᠤ ᠴᠢᠨᠠᠷ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠦᠨᠡᠨ ᠬᠦ ᠪᠠᠲᠤᠯᠠᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠵᠤ ᠳᠤᠯᠠᠭᠠᠯᠠᠬᠤ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠪᠠ ᠠᠵᠤ ᠦᠢᠯᠡᠳᠪᠦᠷᠢ ᠶᠢᠨ ᠦᠯᠡᠳᠡᠪᠦᠷᠢ ᠢᠯᠴᠢ ᠪᠠᠷ ᠢᠯᠴᠢ ᠬᠠᠩᠭᠠᠬᠤ ᠶᠢ ᠶᠡᠭᠡ ᠪᠠᠷ ᠬᠥᠭᠵᠢᠭᠦᠯᠵᠦ ᠂ ᠢᠯᠴᠢ ᠬᠠᠩᠭᠠᠬᠤ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠂ ᠨᠥᠬᠦᠪᠦᠷᠢ ᠥᠭᠬᠦ ᠂ ᠪᠤᠴᠠᠭᠠᠨ ᠭᠠᠷᠭᠠᠬᠤ ᠵᠡᠷᠭᠡ ᠵᠣᠬᠢᠴᠠᠮᠵᠢ ᠶᠢ ᠲᠡᠭᠦᠯᠳᠡᠷᠵᠢᠭᠦᠯᠵᠦ ᠂ ᠣᠶᠤᠨᠴᠢ ᠢᠯᠴᠢ ᠬᠠᠩᠭᠠᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠥᠷᠨᠢᠭᠦᠯᠦᠨ᠎ᠡ ᠃       ᠨᠠᠢᠮᠠ ᠳᠤ ᠂ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠡᠷᠡᠰ ᠭᠤᠶᠢᠪᠢᠰᠢ ᠦᠭᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ ᠂ ᠵᠣᠷᠢᠭ ᠰᠠᠨᠠᠭ᠎ᠠ ᠪᠠᠨ ᠨᠢᠭᠡᠳᠬᠡᠵᠦ ᠂ ᠦᠢᠯᠡ ᠠᠵᠢᠯᠯᠠᠭ᠎ᠠ ᠪᠠᠨ ᠨᠢᠭᠡᠳᠬᠡᠵᠦ ᠂ ︽ ᠬᠤᠶᠠᠷ ᠢ ᠲᠤᠭᠳᠠᠭᠠᠭᠰᠠᠨ ︾ ᠢ ᠡᠷᠡᠰ ᠬᠦᠷᠢᠶᠡᠯᠡᠵᠦ ᠂ ︽ ᠬᠤᠶᠠᠷ ᠢ ᠬᠦᠷᠢᠶᠡᠯᠡᠬᠦ ︾  ᠶᠢ ᠡᠷᠡᠰ ᠪᠡᠶᠡᠯᠡᠭᠦᠯᠦᠨ᠎ᠡ ᠃ ︽ ᠤᠯᠤᠰ ᠤᠨ ᠶᠡᠭᠡ ᠶᠠᠪᠤᠳᠠᠯ ︾ ᠢ ᠢᠮᠠᠭᠲᠠ ᠪᠠᠲᠤ ᠴᠡᠭᠡᠵᠢᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ ᠂ ︽ ᠲᠠᠪᠤᠨ ᠶᠡᠭᠡ ᠠᠵᠢᠯᠯᠠᠭ᠎ᠠ ︾  ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠤᠨ᠎ᠠ ᠃ ᠰᠢᠯᠢᠳᠡᠭ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠶᠢ ᠪᠠᠷᠢᠮᠲᠠᠯᠠᠵᠤ ᠂ ︽ ᠤᠳᠠᠭᠠᠨ ᠂ ᠪᠦᠳᠦᠭᠦᠯᠢᠭ ᠂ ᠬᠡᠶᠢᠰᠪᠦᠷᠢ ︾ ᠪᠠ ︽ ᠭᠤᠷᠪᠠᠨ ᠤᠯᠠᠨ ᠂ ᠭᠤᠷᠪᠠᠨ ᠴᠥᠭᠡᠨ ᠂ ᠭᠤᠷᠪᠠᠨ ᠤᠳᠠᠭᠠᠨ ︾ ᠵᠡᠷᠭᠡ ᠠᠷᠬᠠᠭ ᠭᠡᠮ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠢᠯ ᠢᠶᠠᠨ ︽ ᠵᠢᠷᠤᠮᠵᠢᠭᠤᠯᠬᠤ ᠂ ᠴᠣᠮᠬᠠᠳᠬᠠᠬᠤ ᠂ ᠬᠤᠷᠳᠤᠴᠠ ᠪᠠᠨ ᠲᠦᠷᠭᠡᠳᠬᠡᠬᠦ ︾ ᠶᠢ ᠦᠷᠭᠦᠯᠵᠢᠯᠡᠨ ᠲᠦᠯᠬᠢᠨ ᠠᠬᠢᠭᠤᠯᠤᠨ᠎ᠠ ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠯᠢᠭᠡᠷ ᠢ ᠰᠠᠶᠢᠲᠤᠷ ᠶᠠᠷᠢᠵᠤ ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠭᠤᠨ ᠢ ᠳᠠᠮᠵᠢᠭᠤᠯᠵᠤ ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠨ᠎ᠠ ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ ᠂ ᠬᠥᠮᠥᠨ ᠰᠣᠩᠭᠤᠵᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ ᠂ ᠺᠠᠳ᠋ᠷ ᠤᠨ ᠡᠩᠨᠡᠭᠡᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ ᠂ ᠺᠠᠳ᠋ᠷ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠦᠨ᠎ᠡ ᠃ ᠠᠵᠢᠯ ᠲᠦᠷᠦᠯ ᠤᠨ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠂ ᠵᠠᠯᠠᠭᠤ ᠰᠢᠯᠢᠳᠡᠭ ᠴᠢᠳᠠᠪᠤᠷᠢᠲᠠᠨ ᠪᠠ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠢᠯᠡᠷᠡᠭᠦᠯᠦᠨ ᠬᠥᠮᠥᠵᠢᠭᠦᠯᠬᠦ ᠶᠢ ᠴᠢᠩᠭᠠᠳᠬᠠᠨ᠎ᠠ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ ᠃       ᠬᠤᠷᠠᠯ ᠳᠡᠭᠡᠷ᠎ᠡ᠂ ᠬᠥᠬᠡᠬᠤᠲᠠ᠂ ᠪᠤᠭᠤᠲᠤ᠂ ᠬᠥᠯᠥᠨ ᠪᠤᠶᠢᠷ᠂ ᠣᠷᠳᠣᠰ ᠵᠡᠷᠭᠡ 4 ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠷᠰᠢᠯᠭ᠎ᠠ ᠪᠠᠨ ᠰᠤᠯᠢᠯᠴᠠᠬᠤ ᠶᠠᠷᠢᠶ᠎ᠠ ᠲᠠᠯᠪᠢᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠨᠡᠶᠢᠭᠡᠮᠯᠢᠭ ︵ᠨᠡᠶᠢᠭᠡᠮᠯᠢᠭ︶ ᠠᠴᠠ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠠᠨᠠᠭᠠᠴᠢᠯᠠᠭ᠎ᠠ ᠭᠠᠷᠭᠠᠪᠠ᠃       ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠭ ᠤᠨ ᠭᠡᠰᠢᠭᠦᠨ᠂ ᠲᠢᠩᠬᠢᠮ ᠪᠠᠶᠢᠭᠤᠯᠭ᠎ᠠ ᠶᠢᠨ ᠪᠥᠬᠦ ᠠᠵᠢᠯᠲᠠᠨ᠂ ᠰᠢᠭᠤᠳ ᠬᠠᠷᠢᠶ᠎ᠠ ᠨᠢᠭᠡᠴᠢ ᠶᠢᠨ ᠪᠠᠭ ᠤᠨ ᠭᠡᠰᠢᠭᠦᠨ᠂ ᠡᠯ᠎ᠡ ᠠᠶᠢᠮᠠᠭ ᠬᠤᠲᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠬᠡᠰᠡᠭ ᠠᠶᠢᠮᠠᠭ ᠬᠤᠲᠠ ᠶᠢᠨ ᠴᠡᠴᠡᠷᠯᠢᠭ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ
Baidu
map