ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/23
    1 ᠳ᠋ᠤᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠢ ᠡᠷᠭᠢᠯᠡᠪᠡ᠃
1.jpg
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠳᠠᠭᠠᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠤᠨ ᠭᠠᠷᠭᠠᠵᠤ᠂ ᠪᠦᠭᠦ ᠨᠠᠮ ᠳᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠡᠴᠦᠰ ᠲᠤᠨᠢ ᠲᠤᠯᠲᠠᠯ᠎ᠠ ᠬᠢᠬᠦ ᠤᠯᠤᠰ ᠲᠦᠷᠦ ᠶᠢᠨ ᠳᠠᠶᠢᠴᠢᠯᠠᠯᠲᠠ ᠶᠢᠨ ᠵᠠᠷᠯᠢᠭ ᠪᠠᠭᠤᠯᠭᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠰᠠᠶᠢᠲᠤᠷ ᠭᠦᠢᠴᠡᠳᠬᠡᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠪᠡᠯᠡ ᠮᠥᠩᠭᠦ ᠶᠢᠨ ᠬᠡᠷᠡᠭᠯᠡᠯᠲᠡ᠂ ᠬᠥᠮᠥᠨ ᠰᠣᠩᠭᠤᠵᠤ ᠬᠥᠮᠥᠨ ᠬᠡᠷᠡᠭᠯᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠰᠢᠰᠲ᠋ᠧᠮ ᠲᠠᠢ ᠪᠠᠷ ᠵᠠᠰᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ ᠶᠢ ᠮᠡᠳᠡᠬᠦ᠂ ᠬᠤᠷᠢᠭ᠎ᠠ ᠱᠤᠭᠤᠮ ᠢ ᠰᠠᠬᠢᠬᠤ ᠶᠢ ᠬᠥᠲᠥᠯᠥᠨ ᠵᠢᠯᠤᠭᠤᠳᠴᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠪᠠ ᠡᠷᠡᠰ ᠵᠣᠷᠢᠭ ᠢᠶᠠᠷ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠦᠬᠦ ᠬᠦᠴᠦᠨ ᠢᠶᠠᠷ ᠢᠶᠠᠨ ᠶᠡᠭᠡ ᠲᠠᠯ᠎ᠠ ᠳᠤ ᠦᠢᠯᠡᠴᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠠᠷᠢᠨ ᠨᠢᠭᠲᠠ ᠰᠠᠶᠢᠲᠤᠷ ᠠᠳᠬᠤᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡ ᠬᠡᠰᠡᠭ ᠤᠨ ᠠᠮᠤᠷ ᠲᠦᠪᠰᠢᠨ ᠢᠶᠠᠷ ᠪᠦᠬᠦ ᠣᠷᠣᠨ ᠤ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ ᠂ ᠪᠦᠬᠦ ᠰᠢᠰᠲ᠋ᠧᠮ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠶᠢ ᠠᠬᠢᠭᠤᠯᠵᠤ᠂ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠬᠠᠤᠯᠢ  ᠶᠢ ᠵᠥᠷᠢᠴᠡᠨ ᠳᠠᠭᠠᠭᠠᠴᠢᠯᠠᠭᠤᠯᠬᠤ᠂ ᠰᠢᠯᠵᠢᠭᠦᠯᠦᠨ ᠳᠠᠭᠠᠭᠠᠴᠢᠯᠠᠭᠤᠯᠬᠤ᠂ ᠬᠤᠪᠢᠶᠠᠨ ᠳᠠᠭᠠᠭᠠᠴᠢᠯᠠᠭᠤᠯᠬᠤ ᠪᠠ ︽ᠵᠠᠭᠤᠴᠢ ᠶᠢᠨ ᠭᠤᠤᠯᠴᠢ ᠪᠤᠰᠤ︾ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ︽ᠡᠩᠨᠡᠭᠡ ᠶᠢ ᠬᠦᠴᠦᠷᠬᠡᠭᠵᠢᠭᠦᠯᠵᠦ ᠰᠤᠷᠳᠠᠯ ᠢ ᠬᠤᠪᠢᠷᠠᠭᠤᠯᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠵᠢᠯ ᠤᠨ ᠠᠷᠭ᠎ᠠ ᠮᠠᠶ᠋ᠢᠭ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠤᠨ᠂ ᠰᠠᠨᠠᠭᠠᠴᠢᠯᠠᠭᠠᠲᠤ ᠪᠤᠰᠤ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯᠭᠠᠨ ᠬᠤᠪᠢᠷᠠᠭᠤᠯᠵᠤ᠂ ᠬᠠᠤᠯᠢ ᠬᠡᠷᠡᠭᠵᠢᠭᠦᠯᠦᠯᠲᠡ ᠶᠢ ᠡᠬᠢ ᠡᠭᠦᠰᠦᠯ ᠠᠴᠠ ᠨᠢ ᠵᠠᠰᠠᠬᠤ ᠪᠣᠯᠭᠠᠨ ᠬᠤᠪᠢᠷᠠᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠪᠠᠯᠭᠠᠰᠤᠨ ᠤ ᠲᠤᠷᠰᠢᠯᠭ᠎ᠠ︾  ᠶᠢ ᠪᠠᠷᠢᠮᠲᠠᠯᠠᠨ ᠬᠥᠭᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠪᠣᠳᠠᠲᠠᠢ ᠠᠳᠬᠤᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠦᠭᠵᠢᠭᠦᠯᠦᠯᠳᠡ ᠶᠢ ᠪᠠᠷᠢᠮᠲᠠᠯᠠᠵᠤ᠂ ᠬᠠᠤᠯᠢᠵᠢᠯ᠂ ᠵᠠᠬ᠎ᠠ ᠳᠡᠯᠭᠡᠭᠦᠷ᠂ ᠰᠢᠨᠵᠢᠯᠡᠬᠦ ᠤᠬᠠᠭᠠᠨ ᠮᠡᠷᠭᠡᠵᠢᠯ᠂ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ᠃ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠤᠳᠤ ᠪᠠᠶᠢᠭ᠎ᠠ ᠪᠠᠷᠢᠯᠭ᠎ᠠ ᠪᠠ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠥᠭᠡᠷᠡᠴᠢᠯᠡᠯᠲᠡ ᠶᠢ ᠲᠦᠷᠭᠡᠳᠬᠡᠵᠦ᠂ ᠡᠨᠧᠷᠭᠢ ᠶᠢᠨ ᠬᠤᠷᠣᠭᠳᠠᠭᠤᠯᠤᠯ ᠢᠶᠠᠷ ᠬᠡᠳᠤ ᠳᠣᠣᠷ᠎ᠠ ᠪᠠ ᠨᠡᠭᠦᠷᠡᠰᠦᠲᠥ᠋ᠷᠥᠭᠴᠢ ᠪᠠᠭ᠎ᠠ ᠪᠠᠷᠢᠯᠭ᠎ᠠ ᠶᠢᠨ ᠬᠡᠪᠴᠢᠶᠡᠵᠢᠨ ᠬᠥᠭᠵᠢᠬᠦ ᠶᠢ ᠠᠬᠢᠭᠤᠯᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠲᠠᠩᠰᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
2.jpg
    ᠬᠤᠷᠠᠯ ᠠᠴᠠ᠂ ︽ᠮᠢᠩᠭᠠᠨ ᠲᠦᠮᠡᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯᠯᠠᠬᠤ ᠠᠷᠭ᠎ᠠ ᠪᠣᠯᠣᠨ ᠠᠬᠢᠭᠤᠯᠬᠤ ᠲᠣᠭᠲᠠᠴᠠ ᠶᠢ ᠰᠠᠶᠢᠲᠤᠷ ᠰᠤᠷᠤᠯᠴᠠᠨ ᠠᠮᠢᠳᠤᠯᠢᠭ ᠢᠶᠠᠷ ᠬᠡᠷᠡᠭᠯᠡᠵᠦ᠂ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠶᠠᠪᠤᠳᠠᠯ ᠢ ᠠᠳᠬᠤᠵᠤ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠵᠤ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠨ ᠪᠦᠲᠦᠭᠡᠨ ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠤᠳᠠ ᠬᠥᠳᠡᠭᠡ ᠶᠢᠨ ᠴᠢᠳᠠᠪᠬᠢ ᠶᠢ ᠵᠣᠯᠭᠠᠭᠤᠯᠤᠨ ᠬᠠᠷᠢᠯᠴᠠᠨ ᠨᠥᠬᠦᠪᠦᠷᠢᠯᠡᠬᠦ᠂ ᠰᠠᠭᠤᠷᠢ ᠲᠥᠬᠦᠭᠡᠷᠦᠮᠵᠢ ᠶᠢ ᠨᠢᠭᠡ ᠴᠣᠭᠴᠠᠵᠢᠭᠤᠯᠤᠨ ᠪᠠᠶᠢᠷᠢᠰᠢᠭᠤᠯᠬᠤ᠂ ᠡᠬᠢ ᠪᠠᠶᠠᠯᠢᠭ ᠤᠨ ᠡᠯᠧᠮᠧᠨ᠋ᠲ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠬᠤᠳᠠ ᠬᠥᠳᠡᠭᠡ ᠶᠢᠨ ᠬᠠᠷᠢᠯᠴᠠᠨ ᠠᠬᠢᠭᠤᠯᠵᠤ ᠬᠠᠮᠲᠤᠪᠠᠷ ᠴᠡᠴᠡᠭᠯᠡᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠪᠠᠶᠢᠭᠤᠯᠤᠯᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠠᠶᠢᠯ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠪᠠ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢ ᠦᠷᠭᠦᠯᠵᠢᠯᠡᠨ ᠰᠠᠶᠢᠲᠤᠷ ᠠᠳᠬᠤᠵᠤ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠭᠦᠯᠦᠨ᠎ᠡ ᠭᠡᠵᠦ ᠴᠢᠬᠤᠯᠠᠴᠢᠯᠠᠪᠠ᠃     ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ 2024 ᠣᠨ ᠤ ᠠᠵᠢᠯ ᠤᠨ ᠭᠤᠣᠯᠳᠠᠯᠭ᠎ᠠ︾᠂ ︽ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ 2024 ᠣᠨ ᠤ ᠬᠤᠷᠠᠯ ᠤᠨ ᠲᠥᠯᠥᠪᠯᠡᠭᠡ︾ ᠶᠢ ᠰᠤᠳᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠬᠦᠴᠦ ᠪᠠᠨ ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠲᠣᠭᠲᠠᠭᠠᠵᠤ᠂ ᠣᠷᠣᠨ ᠰᠠᠭᠤᠴᠠ ᠪᠣᠯᠣᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠨᠡᠮᠡᠬᠦ᠂ ᠬᠠᠰᠤᠬᠤ᠂ ᠦᠷᠡᠵᠢᠭᠦᠯᠬᠦ᠂ ᠠᠷᠢᠯᠭᠠᠬᠤ︾ ᠳᠥᠷᠪᠡᠨ ᠠᠵᠢᠯ ᠢ ᠰᠠᠶᠢᠲᠤᠷ ᠬᠢᠵᠦ᠂ ᠲᠦᠷᠦᠯ ᠵᠦᠢᠯᠴᠢᠯᠡᠭᠰᠡᠨ᠂ ᠨᠠᠷᠢᠨ ᠳᠠᠩᠰᠠᠴᠢᠯᠠᠭᠰᠠᠨ ᠯᠠᠪᠳᠠᠭᠤᠨ ᠪᠠᠲᠤᠲᠠᠢ ᠦᠢᠯᠡᠳᠦᠯᠭᠡ ᠪᠠᠷ ᠵᠢᠷᠤᠭ ᠲᠥᠯᠥᠪᠯᠡᠭᠡ ᠶᠢ ᠦᠨᠡᠨ ᠬᠦ ᠪᠣᠳᠠᠲᠤ ᠦᠵᠡᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠪᠠ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠵᠡᠷᠭᠡ ᠬᠡᠮ ᠰᠣᠭᠤᠭ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠠᠯ ᠢ ᠴᠥᠭᠡᠨ ᠬᠢᠵᠦ᠂ ᠴᠢᠨᠠᠷ ᠰᠠᠶᠢᠲᠠᠢ ᠬᠤᠷᠠᠯ᠂ ᠲᠤᠰᠠᠲᠠᠢ ᠬᠤᠷᠠᠯ ᠬᠢᠵᠦ᠂ ᠬᠤᠷᠠᠯ ᠤᠨ ᠦᠷ᠎ᠡ ᠪᠦᠲᠦᠮᠵᠢ ᠪᠠ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠂ ᠠᠵᠢᠯ ᠢᠶᠠᠨ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ
Baidu
map