﹇ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠥᠪᠯᠡᠯᠭᠡ ᠥᠭᠬᠦ ᠦᠢᠯᠡᠴᠢᠯᠡᠭᠡ﹈ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠰᠣᠯᠢᠬᠤ ᠬᠤᠯᠪᠣᠭᠳᠠᠯ ᠪᠦᠬᠦᠢ ᠠᠰᠠᠭᠤᠳᠠᠯ ︵ᠬᠤᠶᠠᠷ︶ — ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠬᠠᠷᠢᠭᠤᠯᠲᠠ ︵2024 ᠣᠨ ᠤ ᠬᠤᠶᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2024/1/24
    Q1᠄ ᠶᠠᠮᠠᠷ ᠬᠢᠷᠢ ᠬᠡᠮ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠣᠴᠢᠵᠤ ᠦᠨᠡᠮᠯᠡᠯ ᠰᠣᠯᠢᠵᠤ ᠠᠪᠬᠤ ᠴᠢᠬᠤᠯᠠᠲᠠᠢ ᠪᠣᠶ︖     ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ  ᠳᠠᠬᠢ ᠲᠡᠮᠦᠷ ᠵᠠᠮ ᠤᠨ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠪᠠ ᠲᠤᠰᠬᠠᠢ ᠮᠡᠷᠭᠡᠵᠢᠯ ᠤᠨ ᠳᠠᠭᠠᠭᠠᠴᠢᠯᠠᠯᠲᠠ ᠶᠢᠨ ᠭᠤᠷᠪᠠᠳᠤᠭᠠᠷ ᠳᠡᠰ ᠤᠨ ᠬᠢᠷᠢ ᠭᠡᠮ︔ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠠᠵᠤ ᠠᠬᠤᠶᠢᠯᠠᠯ ᠤᠨ ᠬᠢᠷᠢ ᠬᠡᠮ ᠳᠠᠬᠢ ᠤᠰᠤᠨ ᠠᠰᠢᠭᠯᠠᠯᠲᠠ ᠪᠠ ᠵᠠᠰᠠᠮᠠᠯ ᠵᠠᠮ ᠤᠨ ᠠᠵᠢᠯ ᠲᠥᠷᠥᠯ ᠵᠢᠴᠢ ᠲᠡᠭᠦᠨ ᠤ ᠲᠤᠰᠬᠠᠢ ᠮᠡᠷᠭᠡᠵᠢᠯ ᠤᠨ ᠤᠯᠠᠭᠠᠨ ᠲᠠᠰ ᠤᠨ ᠬᠢᠷᠢ ᠬᠡᠮ︔ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠬᠢᠷᠢ ᠬᠡᠮ  ᠳᠠᠬᠢ ᠵᠠᠰᠠᠮᠠᠯ ᠵᠠᠮ ᠤᠨ ᠪᠠᠷᠢᠯᠭ᠎ᠠ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ᠂ ᠭᠠᠷᠠᠮ ᠬᠢᠭᠡᠳ ᠤᠰᠤᠨ ᠠᠶᠠᠯᠠᠯ ᠤᠨ ᠵᠠᠮ ᠤᠨ ᠪᠠᠷᠢᠯᠭ᠎ᠠ ᠵᠢᠴᠢ ᠲᠠᠷᠢᠶᠠᠯᠠᠩ ᠣᠶ ᠰᠢᠭᠤᠢ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠬᠥᠬᠡ ᠲᠠᠰ ᠤᠨ ᠬᠢᠷᠢ ᠬᠡᠮ ᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠬᠢᠷᠢ ᠬᠡᠮ ᠢᠶᠠᠨ ᠰᠣᠯᠢᠵᠤ ᠠᠪᠬᠤ ᠪᠠᠷ ᠭᠤᠶᠤᠴᠢᠯᠠᠬᠤ ᠬᠡᠷᠡᠭᠲᠡᠢ᠃    ᠶᠠᠪᠤᠴᠠ ᠨᠢ ᠳᠣᠣᠷᠠᠬᠢ ᠮᠡᠲᠦ᠄ ᠠᠵᠤ ᠠᠬᠤᠶᠢᠯᠠᠯ ᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠥᠭᠡᠯᠡᠨ ᠲᠣᠨᠤᠭ ᠤᠨ ᠲᠥᠪ ︵http://jsb.justonetech.com/Download/Index︶ ᠠᠴᠠ ᠠᠵᠤ ᠠᠬᠤᠶᠢᠯᠠᠯ ᠤᠨ ᠬᠢᠷᠢ ᠬᠡᠮ ᠭᠤᠶᠤᠴᠢᠯᠠᠬᠤ ᠵᠥᠭᠡᠯᠡᠨ ᠲᠣᠨᠤᠭ ᠢ ᠪᠠᠭᠤᠯᠭᠠᠭᠰᠠᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠲᠠᠭᠯᠠᠨ ᠮᠡᠳᠡᠭᠦᠯᠵᠦ᠂ zbb ᠬᠡᠯᠪᠡᠷᠢ ᠶᠢᠨ ᠳ᠋ᠠᠶᠢᠲ᠋ᠠ ᠶᠢᠨ ᠪᠣᠭᠤᠳᠠᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 12 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠤᠩᠬᠤᠪᠴᠢ ᠳᠤ ᠲᠤᠰᠢᠶᠠᠨ᠎ᠠ ︵ᠡᠷᠬᠡᠪᠰᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠰᠢᠯᠵᠢᠭᠦᠯᠦᠨ ᠲᠤᠰᠢᠶᠠᠬᠤ ᠶᠢ ᠲᠣᠳᠣᠷᠬᠠᠶᠢᠯᠠᠬᠤ ᠬᠡᠷᠡᠭᠲᠡᠢ︶᠂ ᠮᠠᠨ ᠤ ᠲᠢᠩᠬᠢᠮ ᠠᠴᠠ ᠳ᠋ᠠᠶᠢᠲ᠋ᠠ ᠶᠢᠨ ᠪᠣᠭᠤᠳᠠᠯ ᠢ ᠰᠣᠯᠢᠵᠤ ᠠᠪᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠮᠡᠳᠡᠭᠳᠡᠵᠦ᠂ ᠮᠠᠨ ᠤ ᠲᠢᠩᠬᠢᠮ ᠠᠴᠠ ᠲᠢᠩᠬᠢᠮ ᠤᠨ ᠲᠠᠰ ᠤᠨ ᠡᠯᠧᠺᠲᠷᠣᠨ ᠦᠨᠡᠮᠯᠡᠯ ᠢ ᠳᠠᠭᠢᠵᠤ ᠬᠢᠨᠠᠨ ᠣᠯᠭᠤᠨ᠎ᠠ᠃      Q2᠄ ᠴᠢᠮᠡᠭᠡ ᠬᠤᠯᠪᠣᠭᠠᠨ ᠤ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠭᠤᠷᠪᠠᠳᠤᠭᠠᠷ ᠳᠡᠰ ᠤᠨ ᠬᠢᠷᠢ ᠬᠡᠮ ᠤᠨ ᠦᠨᠡᠮᠯᠡᠯ ᠰᠣᠯᠢᠬᠤ ᠭᠠᠷ ᠭᠦᠢᠴᠡᠳᠬᠡᠯ ᠢ ᠬᠡᠷᠬᠢᠨ ᠭᠦᠢᠴᠡᠳᠭᠡᠬᠦ ᠪᠣᠶ︖     ᠴᠢᠮᠡᠭᠡ ᠬᠤᠯᠪᠣᠭᠠᠨ ᠤ ᠪᠠᠷᠢᠯᠭ᠎ᠠ ᠪᠠᠷᠢᠬᠤ ᠶᠡᠷᠦᠩᠬᠡᠢ ᠳᠠᠭᠠᠭᠠᠴᠢᠯᠠᠯᠲᠠ ᠶᠢᠨ ᠭᠤᠷᠪᠠᠳᠤᠭᠠᠷ ᠳᠡᠰ ᠤᠨ ᠬᠢᠷᠢ ᠬᠡᠮ ᠲᠠᠢ ᠠᠵᠤ ᠠᠬᠤᠶᠢᠯᠠᠯ ᠪᠣᠯ ᠥᠪᠡᠷᠲᠡᠭᠡᠨ ᠵᠠᠰᠠᠭ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠵᠣᠬᠢᠬᠤ ᠲᠤᠰᠬᠠᠢ ᠮᠡᠷᠭᠡᠵᠢᠯ ᠤᠨ ᠬᠤᠶᠠᠳᠤᠭᠠᠷ ᠳᠡᠰ ᠤᠨ ᠬᠢᠷᠢ ᠬᠡᠮ ᠲᠠᠢ ᠪᠣᠯᠭᠠᠬᠤ ᠶᠢ ᠭᠤᠶᠤᠴᠢᠯᠠᠨ᠎ᠠ᠃ ᠦᠨᠡᠮᠯᠡᠯ ᠰᠣᠯᠢᠬᠤ ᠭᠤᠶᠤᠴᠢᠯᠠᠯ ᠬᠢᠭᠡᠳ ᠦᠷᠭᠦᠯᠵᠢᠯᠡᠭᠦᠯᠬᠦ ᠭᠤᠶᠤᠴᠢᠯᠠᠯ ᠢ ᠵᠡᠷᠭᠡᠪᠡᠷ ᠲᠤᠰᠢᠶᠠᠨ᠎ᠠ᠂ ᠦᠷᠭᠦᠯᠵᠢᠯᠡᠭᠦᠯᠬᠦ ᠭᠤᠶᠤᠴᠢᠯᠠᠯ ᠨᠢᠭᠡᠨᠲᠡ ᠨᠤᠳᠠᠯᠠᠭᠳᠠᠭᠰᠠᠨ ᠪᠥᠭᠡᠳ 1 ᠵᠢᠯ ᠤᠨ ᠬᠦᠴᠦᠨ ᠲᠠᠢ ᠬᠤᠭᠤᠴᠠᠭ᠎ᠠ ᠶᠢᠨ ᠬᠢᠷᠢ ᠬᠡᠮ ᠤᠨ ᠦᠨᠡᠮᠯᠡᠯ ᠣᠯᠣᠭᠰᠠᠨ ᠠᠵᠤ ᠠᠬᠤᠶᠢᠯᠠᠯ ᠦᠨᠡᠮᠯᠡᠯ ᠰᠣᠯᠢᠬᠤ ᠭᠤᠶᠤᠴᠢᠯᠠᠯ ᠢ ᠳᠠᠭᠢᠵᠤ ᠲᠤᠰᠢᠶᠠᠬᠤ ᠴᠢᠬᠤᠯᠠ ᠦᠭᠡᠢ᠂ ᠮᠠᠨ ᠤ ᠲᠢᠩᠬᠢᠮ ᠵᠣᠬᠢᠬᠤ ᠲᠤᠰᠬᠠᠢ ᠮᠡᠷᠭᠡᠵᠢᠯ ᠤᠨ ᠬᠤᠶᠠᠳᠤᠭᠠᠷ ᠳᠡᠰ ᠤᠨ ᠬᠢᠷᠢ ᠬᠡᠮ ᠢ ᠠᠶᠠᠨᠳᠠᠭᠠᠨ ᠰᠣᠯᠢᠬᠤ ᠪᠥᠭᠡᠳ ᠡᠯᠧᠺᠲᠷᠣᠨ ᠦᠨᠡᠮᠯᠡᠯ ᠢ ᠳᠠᠭᠢᠵᠤ ᠬᠢᠨᠠᠨ ᠣᠯᠭᠤᠨ᠎ᠠ᠂ ᠬᠦᠴᠦᠨ ᠲᠠᠢ ᠬᠤᠭᠤᠴᠠᠭ᠎ᠠ ᠨᠢ ᠬᠤᠪᠢᠷᠠᠬᠤ ᠦᠭᠡᠢ ᠃ ᠦᠨᠡᠮᠯᠡᠯ ᠳᠡᠭᠡᠷ᠎ᠡ ᠵᠥᠪᠬᠡᠨ ᠴᠢᠮᠡᠭᠡ ᠬᠤᠯᠪᠣᠭᠠᠨ ᠤ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠭᠤᠷᠪᠠᠳᠤᠭᠠᠷ ᠳᠡᠰ ᠤᠨ ᠬᠢᠷᠢ ᠬᠡᠮ ᠲᠠᠢ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠰᠠᠯᠠᠭ᠎ᠠ ᠮᠥᠴᠢᠷ ᠲᠤ ᠰᠢᠭᠤᠳ ᠨᠡᠪᠲᠡᠷᠡᠬᠦ — ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ — ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠨᠥᠬᠦᠵᠦ ᠭᠦᠢᠴᠡᠳᠬᠡᠬᠦ — ᠰᠦᠯᠵᠢᠶ᠎ᠡ ᠪᠠᠷ ᠭᠦᠢᠴᠡᠳᠭᠡᠬᠦ ᠶᠢ ᠰᠤᠩᠭᠤᠵᠤ᠂ ᠦᠨᠡᠮᠯᠡᠯ ᠰᠣᠯᠢᠬᠤ ᠭᠤᠶᠤᠴᠢᠯᠠᠯ ᠢᠶᠠᠨ ᠳᠤᠷᠠᠳᠴᠤ ᠪᠣᠯᠣᠨ᠎ᠠ᠃      Q3᠄ ᠪᠠᠷᠢᠯᠭ᠎ᠠ ᠶᠢᠨ ᠬᠠᠶᠢᠨ ᠪᠠᠶᠢᠴᠠᠭᠠᠯᠲᠠ᠂ ᠪᠠᠷᠢᠯᠭ᠎ᠠ ᠶᠢᠨ ᠵᠢᠷᠤᠭ ᠲᠥᠯᠥᠪᠯᠡᠭᠡ ᠵᠢᠴᠢ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠬᠢᠷᠢ ᠬᠡᠮ ᠢ ᠬᠡᠷᠬᠢᠨ ᠰᠣᠯᠢᠬᠤ ᠪᠣᠶ︖     ᠳᠡᠭᠡᠷ᠎ᠡ ᠳᠤᠷᠠᠳᠤᠭᠰᠠᠨ ᠬᠢᠷᠢ ᠬᠡᠮ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠦᠨᠡᠮᠯᠡᠯ ᠰᠣᠯᠢᠬᠤ ᠭᠤᠶᠤᠴᠢᠯᠠᠯ ᠭᠠᠷᠭᠠᠨ᠎ᠠ᠂ ᠪᠣᠳᠠᠲᠠᠢ ᠪᠠᠷ ᠬᠤᠶᠠᠷ ᠵᠦᠢᠯ ᠤᠨ ᠪᠠᠶᠢᠳᠠᠯ ᠳᠤ ᠬᠤᠪᠢᠶᠠᠨ᠎ᠠ᠄ ᠨᠢᠭᠡ ᠳᠤ᠂ ᠬᠢᠷᠢ ᠬᠡᠮ ᠤᠨ ᠦᠨᠡᠮᠯᠡᠯ ᠳᠡᠭᠡᠷ᠎ᠡ ᠵᠥᠪᠬᠡᠨ ᠬᠦᠴᠦᠨ ᠦᠭᠡᠢ ᠪᠣᠯᠭᠠᠭᠰᠠᠨ ᠬᠢᠷᠢ ᠬᠡᠮ ᠲᠠᠢ ᠨᠢ ᠦᠨᠡᠮᠯᠡᠯ ᠰᠣᠯᠢᠬᠤ ᠭᠤᠶᠤᠴᠢᠯᠠᠯ ᠢᠶᠠᠨ ᠲᠤᠰᠢᠶᠠᠬᠤ ᠬᠡᠷᠡᠭᠲᠡᠢ᠂ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠰᠠᠯᠠᠭ᠎ᠠ ᠮᠥᠴᠢᠷ ᠲᠤ ᠰᠢᠭᠤᠳ ᠨᠡᠪᠲᠡᠷᠡᠬᠦ — ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ — ᠬᠠᠷᠠᠭᠠᠯᠵᠠᠭᠰᠠᠨ ᠬᠢᠷᠢ ᠬᠡᠮ ᠤᠨ ᠦᠨᠡᠮᠯᠡᠯ ᠢ ᠰᠣᠯᠢᠵᠤ ᠠᠪᠬᠤ — ᠰᠦᠯᠵᠢᠶ᠎ᠡ ᠪᠠᠷ ᠭᠦᠢᠴᠡᠳᠬᠡᠨ᠎ᠡ︔ ᠬᠤᠶᠠᠷ ᠲᠤ᠂ ᠬᠢᠷᠢ ᠬᠡᠮ ᠤᠨ ᠦᠨᠡᠮᠯᠡᠯ ᠳᠡᠭᠡᠷ᠎ᠡ ᠨᠢᠭᠡᠨᠲᠡ ᠬᠦᠴᠦᠨ ᠦᠭᠡᠢ ᠪᠣᠯᠭᠠᠭᠰᠠᠨ ᠬᠢᠷᠢ ᠬᠡᠮ ᠲᠠᠢ ᠮᠥᠷᠲᠡᠭᠡᠨ ᠬᠦᠴᠦᠨ ᠦᠭᠡᠢ ᠪᠣᠯᠭᠠᠭᠠᠳᠤᠢ ᠬᠢᠷᠢ ᠬᠡᠮ ᠲᠠᠢ ᠪᠣᠯ᠂ ᠦᠨᠡᠮᠯᠡᠯ ᠰᠣᠯᠢᠬᠤ ᠭᠤᠶᠤᠴᠢᠯᠠᠯ ᠬᠢᠭᠡᠳ ᠦᠷᠭᠦᠯᠵᠢᠯᠡᠭᠦᠯᠬᠦ ᠭᠤᠶᠤᠴᠢᠯᠠᠯ ᠢ ᠵᠡᠷᠭᠡᠪᠡᠷ ᠲᠤᠰᠢᠶᠠᠨ᠎ᠠ᠂ ᠦᠷᠭᠦᠯᠵᠢᠯᠡᠭᠦᠯᠬᠦ ᠭᠤᠶᠤᠴᠢᠯᠠᠯ ᠢ ᠪᠠᠲᠤᠯᠠᠭᠰᠠᠨ ᠤ ᠳᠠᠷᠠᠭ᠎ᠠ 1 ᠵᠢᠯ ᠤᠨ ᠬᠦᠴᠦᠨ ᠲᠠᠢ ᠬᠤᠭᠤᠴᠠᠭ᠎ᠠ ᠶᠢᠨ ᠬᠢᠷᠢ ᠬᠡᠮ ᠤᠨ ᠦᠨᠡᠮᠯᠡᠯ ᠢ ᠬᠢᠨᠠᠨ ᠣᠯᠭᠤᠨ᠎ᠠ᠂ ᠦᠨᠡᠮᠯᠡᠯ ᠰᠣᠯᠢᠬᠤ ᠭᠤᠶᠤᠴᠢᠯᠠᠯ ᠢ ᠲᠤᠰᠢᠶᠠᠬᠤ ᠠᠴᠠ ᠡᠮᠦᠨ᠎ᠡ ᠨᠢᠭᠡᠨᠲᠡ ᠦᠷᠭᠦᠯᠵᠢᠯᠡᠭᠦᠯᠬᠦ ᠭᠤᠶᠤᠴᠢᠯᠠᠯ ᠢ ᠥᠩᠭᠡᠷᠡᠭᠡᠭᠰᠡᠨ ᠪᠥᠭᠡᠳ 1 ᠵᠢᠯ ᠤᠨ ᠬᠦᠴᠦᠨ ᠲᠠᠢ ᠬᠤᠭᠤᠴᠠᠭ᠎ᠠ ᠶᠢᠨ ᠬᠢᠷᠢ ᠬᠡᠮ ᠤᠨ ᠦᠨᠡᠮᠯᠡᠯ ᠢ ᠣᠯᠣᠭᠰᠠᠨ ᠠᠵᠤ ᠠᠬᠤᠶᠢᠯᠠᠯ ᠳᠠᠭᠢᠵᠤ ᠦᠨᠡᠮᠯᠡᠯ ᠰᠣᠯᠢᠬᠤ ᠭᠤᠶᠤᠴᠢᠯᠠᠯ ᠢ ᠲᠤᠰᠢᠶᠠᠬᠤ ᠴᠢᠬᠤᠯᠠ ᠦᠭᠡᠢ᠂ ᠮᠠᠨ ᠤ ᠲᠢᠩᠬᠢᠮ ᠠᠶᠠᠨᠳᠠᠭᠠᠨ ᠵᠣᠬᠢᠬᠤ ᠲᠤᠰᠬᠠᠢ ᠮᠡᠷᠭᠡᠵᠢᠯ ᠤᠨ ᠬᠥᠬᠡᠭᠴᠢᠨ ᠲᠠᠰ ᠤᠨ ᠬᠢᠷᠢ ᠬᠡᠮ ᠢ ᠰᠣᠯᠢᠵᠤ ᠣᠯᠭᠤᠬᠤ ᠪᠥᠭᠡᠳ ᠡᠯᠧᠺᠲᠷᠣᠨ ᠦᠨᠡᠮᠯᠡᠯ ᠢ ᠳᠠᠭᠢᠵᠤ ᠬᠢᠨᠠᠨ ᠣᠯᠭᠤᠨ᠎ᠠ᠂ ᠬᠦᠴᠦᠨ ᠲᠠᠢ ᠬᠤᠭᠤᠴᠠᠭ᠎ᠠ ᠶᠢ ᠬᠤᠪᠢᠷᠠᠭᠤᠯᠬᠤ ᠦᠭᠡᠢ᠃      Q4᠄ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠳᠣᠲᠣᠷᠠᠬᠢ ᠵᠠᠰᠠᠮᠠᠯ ᠵᠠᠮ ᠤᠨ ᠪᠠᠷᠢᠯᠭ᠎ᠠ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ᠂ ᠭᠠᠷᠠᠮ ᠬᠢᠭᠡᠳ ᠤᠰᠤᠨ ᠵᠠᠮ ᠤᠨ ᠪᠠᠷᠢᠯᠭ᠎ᠠ ᠵᠢᠴᠢ ᠲᠠᠷᠢᠶᠠᠯᠠᠩ ᠣᠶ ᠰᠢᠭᠤᠢ ᠶᠢᠨ ᠢᠨᠵᠧᠨᠧᠷᠢᠩ ᠤᠨ ᠪᠦᠬᠦ᠋ᠢᠯᠡ ᠲᠤᠰᠬᠠᠢ ᠮᠡᠷᠭᠡᠵᠢᠯ ᠢ ᠴᠥᠮ ᠬᠦᠴᠦᠨ ᠦᠭᠡᠢ ᠪᠣᠯᠭᠠᠭᠰᠠᠨ ᠪᠠᠶᠢᠪᠠᠯ ᠬᠢᠷᠢ ᠬᠡᠮ ᠤᠨ ᠦᠨᠡᠮᠯᠡᠯ ᠢ ᠬᠡᠷᠬᠢᠨ ᠰᠣᠯᠢᠵᠤ ᠠᠪᠬᠤ ᠪᠣᠶ︖     ᠳᠡᠭᠡᠷ᠎ᠡ ᠳᠤᠷᠠᠳᠤᠭᠰᠠᠨ ᠳᠥᠷᠪᠡᠨ ᠲᠤᠰᠬᠠᠢ ᠮᠡᠷᠭᠡᠵᠢᠯ ᠢ ᠣᠯᠣᠭᠰᠠᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠨᠢ ︽ᠨᠢᠭᠡᠨᠲᠡ ᠬᠦᠴᠦᠨ ᠦᠭᠡᠢ ᠪᠣᠯᠭᠠᠭᠰᠠᠨ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢ ᠰᠣᠯᠢᠵᠤ ᠠᠪᠬᠤ ᠬᠠᠷᠢᠴᠠᠭᠤᠯᠤᠭᠰᠠᠨ ᠬᠦᠰᠦᠨᠦᠭᠲᠦ︾ ᠶᠢ ᠦᠨᠳᠦᠰᠦᠯᠡᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠠᠷᠢᠯᠭ᠎ᠠ ᠶᠢᠨ ᠲᠤᠰᠬᠠᠢ ᠮᠡᠷᠭᠡᠵᠢᠯ ᠪᠤᠶᠤ ᠮᠠᠰᠢᠨ ᠴᠠᠬᠢᠯᠭᠠᠨ ᠤ ᠤᠭᠰᠠᠷᠠᠬᠤ ᠪᠠᠷᠢᠯᠭ᠎ᠠ ᠶᠢᠨ ᠲᠤᠰᠬᠠᠢ ᠮᠡᠷᠭᠡᠵᠢᠯ ᠢ ᠪᠡᠶ᠎ᠡ ᠪᠠᠨ ᠳᠠᠭᠠᠭᠠᠨ ᠰᠣᠩᠭᠤᠨ ᠰᠣᠯᠢᠵᠤ ᠣᠯᠵᠤ ᠪᠣᠯᠣᠨ᠎ᠠ᠃ ᠬᠡᠷᠪᠡ ᠠᠵᠤ ᠠᠬᠤᠶᠢᠯᠠᠯ ᠤᠨ ᠤᠤᠯ ᠤᠨ ᠪᠠᠶᠢᠭᠰᠠᠨ ᠲᠠᠷᠢᠶᠠᠯᠠᠩ ᠣᠶ ᠰᠢᠭᠤᠢ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠬᠥᠬᠡᠭᠴᠢᠨ ᠲᠠᠰ ᠤᠨ ᠬᠢᠷᠢ ᠬᠡᠮ ᠲᠠᠢ ᠪᠣᠯ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ ᠤᠨ ᠲᠤᠰᠬᠠᠢ ᠮᠡᠷᠭᠡᠵᠢᠯ ᠤᠨ ᠬᠥᠬᠡᠭᠴᠢᠨ ᠲᠠᠰ ᠤᠨ ᠬᠢᠷᠢ ᠬᠡᠮ ᠪᠤᠶᠤ ᠮᠠᠰᠢᠨ ᠴᠠᠬᠢᠯᠭᠠᠨ ᠤ ᠤᠭᠰᠠᠷᠠᠬᠤ ᠢᠨᠵᠧᠨᠧᠷᠢᠩ ᠤᠨ ᠲᠤᠰᠬᠠᠢ ᠮᠡᠷᠭᠡᠵᠢᠯ ᠤᠨ ᠬᠥᠬᠡᠭᠴᠢᠨ ᠲᠠᠰ ᠤᠨ ᠬᠢᠷᠢ ᠬᠡᠮ ᠢ ᠥᠪᠡᠰᠦᠪᠡᠨ ᠰᠣᠩᠭᠤᠨ ᠰᠣᠯᠢᠵᠤ ᠣᠯᠵᠤ ᠪᠣᠯᠣᠨ᠎ᠠ᠃     Q5᠄ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢ ᠬᠡᠷᠬᠢᠨ ᠰᠣᠯᠢᠬᠤ ᠪᠣᠶ︖     ᠲᠡᠮᠦᠷ ᠵᠠᠮ ᠤᠨ ᠪᠠᠷᠢᠯᠭ᠎ᠠ ᠪᠠ ᠴᠢᠮᠡᠭᠡ ᠬᠤᠯᠪᠣᠭᠠᠨ ᠤ ᠢᠨᠵᠧᠨᠧᠷᠢᠩ ᠠᠴᠠ ᠭᠠᠳᠠᠨ᠎ᠠ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠨᠢ ᠪᠠᠶᠢᠭ᠎ᠠ ᠠᠶᠢᠮᠠᠭ ᠬᠤᠲᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠰᠠᠯᠠᠭ᠎ᠠ ᠮᠥᠴᠢᠷ ᠲᠤ ᠦᠨᠡᠮᠯᠡᠯ ᠢᠶᠠᠨ ᠰᠣᠯᠢᠬᠤ ᠭᠤᠶᠤᠴᠢᠯᠠᠯ ᠭᠠᠷᠭᠠᠵᠤ᠂ ᠠᠵᠤ ᠠᠬᠤᠶᠢᠯᠠᠯ ᠨᠢ ᠪᠠᠶᠢᠭ᠎ᠠ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠭᠠᠷᠴᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠢᠶᠠᠨ ᠰᠣᠯᠢᠵᠤ ᠠᠪᠬᠤ ᠶᠢ ᠰᠦᠯᠵᠢᠶᠡᠨ ᠳᠡᠭᠡᠷ᠎ᠡ ᠭᠦᠢᠴᠡᠳᠬᠡᠪᠡᠯ ᠪᠣᠯᠴᠢᠬᠠᠨ᠎ᠠ᠃     Q6᠄ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠳᠡᠭᠡᠷ᠎ᠡ ᠨᠢᠭᠡᠨᠲᠡ ᠬᠦᠴᠦᠨ ᠦᠭᠡᠢ ᠪᠣᠯᠭᠠᠭᠰᠠᠨ ᠬᠢᠷᠢ ᠬᠡᠮ ᠲᠠᠢ ᠮᠥᠷᠲᠡᠭᠡᠨ ᠬᠦᠴᠦᠨ ᠦᠭᠡᠢ ᠪᠣᠯᠭᠠᠭᠠᠳᠤᠢ ᠬᠢᠷᠢ ᠬᠡᠮ ᠪᠠᠶᠢᠪᠠᠯ ᠬᠡᠷᠬᠢᠨ ᠦᠨᠡᠮᠯᠡᠯ ᠰᠣᠯᠢᠬᠤ ᠪᠣᠶ︖ ᠬᠦᠴᠦᠨ ᠦᠭᠡᠢ ᠪᠣᠯᠭᠠᠭᠠᠳᠤᠢ ᠬᠢᠷᠢ ᠬᠡᠮ ᠨᠢ ᠦᠷᠭᠦᠯᠵᠢᠯᠡᠭᠦᠯᠬᠦ ᠱᠠᠭᠠᠷᠳᠠᠯᠭ᠎ᠠ ᠶᠢ ᠬᠠᠩᠭᠠᠬᠤ ᠴᠢᠬᠤᠯᠠᠲᠠᠢ ᠤᠤ︖     ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠠᠵᠢᠯ ᠤᠨ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ ᠂ ᠦᠨᠡᠮᠯᠡᠯ ᠰᠣᠯᠢᠬᠤ ᠠᠵᠢᠯ ᠤᠨ ᠪᠣᠳᠠᠲᠠᠢ ᠪᠠᠶᠢᠳᠠᠯ ᠪᠠ ᠲᠤᠭ᠎ᠠ ᠪᠠᠷᠢᠮᠲᠠ ᠶᠢᠨ ᠲᠣᠭᠲᠠᠪᠤᠷᠢᠲᠠᠢ ᠪᠠᠶᠢᠬᠤ ᠶᠢ ᠪᠣᠳᠣᠯᠬᠢᠯᠠᠨ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ︵D3  ᠪᠠᠷ ᠡᠬᠢᠯᠡᠨ᠎ᠡ︶ ᠢ ᠪᠦᠬᠦᠯᠢ ᠴᠣᠭᠴᠠ ᠪᠠᠷ ᠨᠢ ᠰᠣᠯᠢᠵᠤ᠂ ᠬᠦᠴᠦᠨ ᠦᠭᠡᠢ ᠪᠣᠯᠭᠠᠭᠠᠳᠤᠢ ᠬᠢᠷᠢ ᠬᠡᠮ ᠢ ᠨᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠠᠷᠢᠯᠭ᠎ᠠ ᠶᠢᠨ ᠮᠡᠷᠭᠡᠵᠢᠯᠲᠡᠨ ᠵᠡᠷᠭᠡ ᠳᠤ ᠲᠦᠷ ᠰᠢᠯᠭᠠᠨ ᠬᠢᠨᠠᠬᠤ ᠦᠭᠡᠢ ᠪᠠᠶᠢᠵᠤ᠂ 1 ᠵᠢᠯ ᠤᠨ ᠬᠦᠴᠦᠨ ᠲᠠᠢ ᠬᠤᠭᠤᠴᠠᠭ᠎ᠠ ᠶᠢᠨ ᠬᠢᠷᠢ ᠬᠡᠮ ᠤᠨ ᠦᠨᠡᠮᠯᠡᠯ ᠢ ᠬᠢᠨᠠᠨ ᠣᠯᠭᠤᠵᠤ᠂ ᠬᠢᠷᠢ ᠬᠡᠮ ᠤᠨ ᠦᠨᠡᠮᠯᠡᠯ ᠤᠨ ᠳ᠋ᠤᠭᠠᠷᠯᠠᠯ ᠢ ᠬᠤᠪᠢᠷᠠᠭᠤᠯᠬᠤ ᠦᠭᠡᠢ᠃ ᠠᠵᠤ ᠠᠬᠤᠶᠢᠯᠠᠯ ᠨᠢ ᠬᠢᠷᠢ ᠬᠡᠮ ᠤᠨ ᠦᠨᠡᠮᠯᠡᠯ ᠤᠨ 1 ᠵᠢᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ᠂ ᠬᠤᠯᠪᠣᠭᠳᠠᠯ ᠪᠦᠬᠦᠢ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠬᠡᠮ ᠤᠨ ᠪᠠᠷᠢᠮᠵᠢᠶ᠎ᠠ ᠪᠠᠷ ᠦᠷᠭᠦᠯᠵᠢᠯᠡᠭᠦᠯᠬᠦ ᠪᠠᠷ ᠭᠤᠶᠤᠴᠢᠯᠠᠵᠤ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠪᠠᠶᠢᠪᠠᠯ᠂ 5 ᠵᠢᠯ ᠤᠨ ᠬᠦᠴᠦᠨ ᠲᠠᠢ ᠬᠤᠭᠤᠴᠠᠭ᠎ᠠ ᠶᠢᠨ ᠬᠢᠷᠢ ᠬᠡᠮ ᠤᠨ ᠦᠨᠡᠮᠯᠡᠯ ᠢ ᠬᠢᠨᠠᠨ ᠣᠯᠭᠤᠨ᠎ᠠ᠃ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠢ ᠪᠠᠶᠢᠪᠠᠯ᠂ ᠬᠤᠭᠤᠴᠠᠭ᠎ᠠ ᠬᠡᠲᠦᠷᠡᠪᠡᠯ ᠠᠶᠠᠨᠳᠠᠭᠠᠨ ᠬᠦᠴᠦᠨ ᠦᠭᠡᠢ ᠪᠣᠯᠣᠨ᠎ᠠ᠃     Q7᠄ ᠦᠨᠡᠮᠯᠡᠯ ᠰᠣᠯᠢᠬᠤ ᠳᠤ ᠶᠠᠮᠠᠷ ᠮᠠᠲ᠋ᠧᠷᠢᠶᠠᠯ ᠲᠤᠰᠢᠶᠠᠬᠤ ᠬᠡᠷᠡᠭᠲᠡᠢ ᠪᠤᠶ︖     ᠦᠨᠡᠮᠯᠡᠯ ᠰᠣᠯᠢᠬᠤ ᠳᠤ ᠵᠥᠪᠬᠡᠨ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠰᠣᠯᠢᠬᠤ ᠭᠤᠶᠤᠴᠢᠯᠠᠯ ᠤᠨ ᠬᠦᠰᠦᠨᠦᠭᠲᠦ︾ ᠶᠢ ᠲᠤᠰᠢᠶᠠᠵᠤ᠂ ᠠᠵᠤ ᠠᠬᠤᠶᠢᠯᠠᠯ ᠨᠢ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠤᠶᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠤᠰᠬᠠᠢ ᠪᠤᠯᠤᠩ ᠤᠨ ᠥᠯᠢᠭᠡᠷ ᠬᠦᠰᠦᠨᠦᠭᠲᠦ ᠪᠠᠭᠤᠯᠭᠠᠬᠤ ᠠᠴᠠ ᠪᠠᠭᠤᠯᠭᠠᠵᠤ ᠪᠣᠯᠣᠨ᠎ᠠ᠃     Q8᠄ ᠬᠥᠳᠡᠯᠮᠦᠷᠢ ᠦᠢᠯᠡᠴᠢᠯᠡᠭᠡᠨ ᠤ ᠬᠢᠷᠢ ᠬᠡᠮ ᠳᠤ ᠦᠨᠡᠮᠯᠡᠯ ᠰᠣᠯᠢᠵᠤ ᠠᠪᠬᠤ ᠴᠢᠬᠤᠯᠠ ᠲᠠᠢ ᠤᠤ︖     ᠴᠢᠬᠤᠯᠠ ᠦᠭᠡᠢ᠃ 
ᠢᠷᠡᠯᠲᠡ᠄ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ
Baidu
map