ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2024/1/4
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠦᠪᠰᠢᠶᠡᠷᠡᠯ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ ᠪᠠᠶᠢᠭᠤᠯᠤᠭᠳᠠᠭᠰᠠᠨ ᠶᠤᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃ ᠵᠢᠩᠬᠢᠨᠢ ᠲᠢᠩᠬᠢᠮ ᠤᠨ ᠲᠡᠰ ᠤᠨ ᠪᠠᠶᠢᠭᠤᠯᠤᠮᠵᠢ ᠮᠦᠨ᠃ᠪᠠᠶᠢᠭᠤᠯᠤᠮᠵᠢ ᠶᠢᠨ ᠡᠭᠦᠷᠭᠡ ᠴᠢᠳᠠᠪᠤᠷᠢ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠤᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠣᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠭᠠᠨ᠎ᠠ᠃ᠭᠤᠣᠯ ᠡᠭᠦᠷᠭᠡ ᠬᠠᠷᠢᠭᠤᠴᠠᠯᠭ᠎ᠠ ᠪᠣᠯ᠄ ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃︵ᠬᠤᠶᠠᠷ︶ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠪᠠ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠡᠯᠡ ᠮᠥᠩᠭᠦ ᠶᠢ ᠲᠣᠬᠢᠷᠠᠭᠤᠯᠬᠤ ᠬᠤᠯᠪᠣᠭᠳᠠᠯ ᠪᠦᠬᠦᠢ ᠵᠦᠢᠯᠡᠰ ᠢ ᠳᠠᠭᠠᠭᠠᠨ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ ᠶᠢ ᠬᠠᠷᠢᠭᠤᠴᠠᠨ᠎ᠠ︶ ᠣᠷᠣᠨ ᠰᠠᠭᠤᠴᠠ ᠶᠢᠨ ᠨᠥᠬᠦᠪᠥᠷᠢ ᠶᠢ ᠬᠢᠨᠠᠨ ᠬᠠᠷᠭᠤᠭᠤᠯᠬᠤ ᠠᠵᠢᠯ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ᠂ ᠬᠡᠷᠡᠭᠯᠡᠬᠦ ᠂ ᠬᠠᠮᠢᠶᠠᠷᠬᠤ᠂ ᠬᠢᠨᠠᠯᠲᠠ ᠲᠠᠯᠪᠢᠬᠤ ᠵᠡᠷᠭᠡ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠨ᠎ᠠ᠃ ᠪᠥᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠ ᠪᠤᠰᠤᠳ ᠣᠷᠣᠨ ᠰᠠᠭᠤᠴᠠ ᠶᠢᠨ ᠪᠠᠯᠠ ᠮᠥᠩᠭᠦ ᠶᠢ ᠬᠠᠮᠢᠶᠠᠷᠬᠤ᠂ ᠬᠡᠷᠡᠭᠯᠡᠬᠦ ᠪᠠ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠭ᠎ᠠ ᠶᠢᠨ ᠡᠵᠡᠮᠳᠡᠯ ᠤᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠳᠠ᠂ ᠭᠡᠷ ᠪᠠᠶᠢᠰᠢᠩ ᠤᠨ ᠲᠦᠷᠢᠶᠡᠰᠦᠯᠡᠯ᠂ ᠭᠡᠷ ᠪᠠᠶᠢᠰᠢᠩ ᠤᠨ ᠲᠠᠯᠠᠪᠠᠢ ᠶᠢᠨ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠢᠱᠢᠯᠲᠡ ᠦᠨ᠎ᠡ ᠬᠢᠭᠡᠳ ᠠᠵᠤ ᠠᠬᠤᠢ ᠶᠢᠨ ᠬᠠᠮᠢᠶᠠᠷᠤᠯᠲᠠ᠂ ᠭᠡᠷ ᠪᠠᠶᠢᠰᠢᠩ ᠲᠠᠲᠠᠪᠤᠷᠢᠯᠠᠬᠤ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠳᠠ ᠲᠠᠯᠪᠢᠵᠤ ᠬᠡᠷᠡᠭᠵᠢᠭᠦᠯᠦᠨ᠎ᠡ ᠃ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠳᠠᠩᠰᠠᠯᠠᠬᠤ ᠠᠵᠢᠯ ᠢ ᠬᠠᠮᠵᠢᠯᠴᠠᠨ ᠵᠢᠯᠣᠭᠤᠳᠤᠨ᠎ᠠ᠃︵ᠲᠦᠷᠪᠡ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠤᠨ ᠪᠦᠬᠦ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠲᠤᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠳᠦ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠤ ᠦᠨᠡᠯᠡᠯᠲᠡ ᠶᠢᠨ ᠠᠷᠭ᠎ᠠ᠂ ᠠᠵᠤ ᠠᠬᠤᠶ ᠶᠢᠨ ᠪᠣᠯᠵᠣᠯᠲᠤ ᠲᠤᠭ᠎ᠠ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠪᠠᠷᠢᠯᠭ᠎ᠠ ᠶᠢᠨ ᠦᠨ᠎ᠡ ᠶᠢᠨ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ︵ᠴᠢᠮᠡᠭᠡ ᠬᠤᠯᠪᠣᠭᠠᠨ ᠤ ᠪᠡᠯᠡᠳᠬᠡᠮᠵᠢ ᠪᠠᠭᠲᠠᠬᠤ ᠦᠭᠡᠢ︶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠲᠤᠭ᠎ᠠ ᠶᠢ ᠬᠡᠷᠡᠭᠵᠢᠭᠦᠯᠬᠦ ᠪᠠ ᠪᠠᠷᠢᠯᠭ᠎ᠠ ᠶᠢᠨ ᠪᠠᠶᠢᠭᠤᠯᠤᠭᠰᠠᠨ  ᠦᠨ᠎ᠡ ᠶᠢ ᠪᠣᠳᠣᠬᠤ ᠶᠢ ᠵᠢᠯᠣᠭᠤᠳᠤᠨ ᠬᠢᠨᠠᠯᠲᠠ ᠲᠠᠯᠪᠢᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠲᠤᠭ᠎ᠠ ᠪᠣᠯᠤᠨ ᠪᠠᠷᠢᠯᠭ᠎ᠠ ᠶᠢᠨ  ᠪᠠᠶᠢᠭᠤᠯᠤᠭᠰᠠᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠤᠨ ᠨᠡᠶᠢᠳᠡᠯᠡᠨ᠎ᠡ᠃︵ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠬᠤ ᠵᠢᠷᠤᠭ ᠲᠥᠯᠥᠪᠯᠡᠭᠡ ᠶᠢᠨ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠤᠷᠳᠦ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠬᠤ ᠪᠠ ᠵᠢᠯᠣᠭᠤᠳᠤᠨ᠎ᠠ᠃ ᠪᠠᠷᠢᠯᠭ᠎ᠠ ᠶᠢᠨ ᠠᠵᠤ ᠠᠬᠤᠶᠢᠯᠠᠯ ᠶᠢ ᠬᠥᠲᠥᠯᠥᠨ ᠵᠢᠯᠣᠭᠤᠳᠴᠤ ᠪᠠᠶᠢᠭᠠᠳ ᠭᠠᠳᠠᠭᠠᠳᠤ ᠳᠤ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ ᠳᠤ ᠤᠷᠤᠯᠴᠠᠭᠤᠯᠤᠨ᠎ᠠ᠃︵ᠵᠢᠷᠭᠤᠭ᠎ᠠ︶ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯᠭᠦᠶ ᠦᠢᠯᠡᠳᠪᠦᠷᠢᠯᠡᠯ ᠪᠠ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠦᠷᠦ ᠶᠢᠨ ᠪᠤᠳᠤᠯᠭ᠎ᠠ᠂ ᠲᠦᠷᠢᠮ ᠲᠣᠭᠲᠠᠭᠠᠯ ᠢ ᠲᠤᠭᠤᠷᠪᠢᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠤᠷᠤᠯᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠦ ᠰᠢᠯᠭᠠᠨ ᠠᠪᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠰᠤᠯᠠ ᠰᠠᠪᠠᠯᠠᠭᠰᠠᠨ ᠱᠦᠢᠨᠢ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃︵ᠳᠣᠯᠤᠭ᠎ᠠ︶ ᠬᠤᠲᠠ ᠶᠢᠨ ᠬᠠᠶᠢᠨ ᠪᠠᠶᠢᠴᠠᠭᠠᠬᠤ᠂ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠬᠡᠮᠵᠢᠯᠲᠡ᠂ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢ  ᠨᠡᠭᠡᠭᠡᠨ ᠠᠰᠢᠭᠯᠠᠬᠤ ᠪᠠ ᠬᠤᠲᠠ ᠶᠢᠨ ᠱᠤᠭᠤᠮᠠᠯ ᠤᠨ ᠠᠵᠢᠯ ᠢ ᠵᠢᠯᠣᠭᠤᠳᠤᠨ᠎ᠠ᠃ ᠬᠤᠲᠠ ᠶᠢ ᠰᠡᠯᠪᠢᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠲᠥᠷᠥ ᠶᠢᠨ ᠪᠣᠳᠣᠯᠭ᠎ᠠ ᠪᠠ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠤᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠬᠠᠮᠠᠭᠠᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ︵ᠨᠠᠢᠮᠠ︶ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ  ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠠᠶᠦᠯᠭᠦᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃︵ᠶᠢᠰᠦ︶ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠥᠷᠥ ᠶᠢᠨ ᠪᠣᠳᠣᠯᠭ᠎ᠠ ᠪᠠ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠵᠢᠴᠢ ᠬᠤᠲᠠ ᠶᠢᠨ ᠬᠠᠮᠢᠶᠠᠷᠤᠯᠳᠠ ᠲᠠᠢ ᠬᠤᠯᠪᠣᠭᠳᠠᠬᠤ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠠᠯᠤᠰᠯᠠᠭᠰᠠᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠬᠡᠷᠡᠭ ᠢ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠨ᠎ᠡ᠃ ︵ᠠᠷᠪᠠ︶ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ ᠪᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠬᠦᠭᠵᠢᠯᠳᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠤᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠭᠤᠤᠯᠳᠠᠯᠭ᠎ᠠ ᠲᠠᠢ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ ︵ᠠᠷᠪᠠᠨ ᠨᠢᠭᠡ︶ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠶᠢ ᠵᠢᠯᠣᠭᠤᠳᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠠᠷᠪᠠᠨ ᠬᠤᠶᠠᠷ︶ ᠪᠥᠬᠦ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ᠂ ᠬᠤᠲᠠ ᠪᠠᠯᠭᠠᠰᠤᠨ ᠤ ᠬᠠᠭᠤᠴᠢᠷᠠᠭᠰᠠᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠳᠠᠯ ᠠᠬᠤᠶ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠪᠠᠷᠢᠮᠵᠢᠶ᠎ᠠ ᠶᠢᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠬᠠᠭᠤᠴᠢᠷᠠᠭᠰᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠯᠥᠪᠵᠢᠭᠦᠯᠭᠡ ᠵᠢᠴᠢ ᠣᠨ ᠤ ᠲᠥᠯᠥᠪᠯᠡᠭᠡ ᠶᠢ ᠬᠠᠷᠢᠭᠤᠴᠠᠨ ᠲᠣᠭᠲᠠᠭᠠᠵᠤ᠂ ᠬᠤᠲᠠ ᠪᠠᠯᠭᠠᠰᠤᠨ ᠤ ᠬᠠᠭᠤᠴᠢᠷᠠᠭᠰᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ ᠠᠵᠢᠯ ᠢ ᠵᠢᠯᠣᠭᠤᠳᠤᠨ᠎ᠠ᠃︵ᠠᠷᠪᠠᠨ ᠭᠤᠷᠪᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠴᠢᠳᠠᠪᠦᠷᠢᠳᠡᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠳᠤᠷᠠᠨ ᠠᠵᠢᠯᠯᠠᠬᠤ ᠶᠢ ᠥᠷᠨᠢᠭᠦᠯᠦᠨ᠎ᠡ᠃ ︵ᠠᠷᠪᠠᠨ ᠲᠦᠷᠪᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠴᠢᠩᠭᠢᠰ ᠬᠠᠭᠠᠨ ᠵᠡᠭᠦᠨ ᠵᠡᠭᠡᠯᠢ ᠶᠢᠨ 15 ᠳ᠋ᠤᠭᠠᠷ ᠨᠣᠮᠧᠷᠲᠤ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ A ᠰᠠᠭᠤᠷᠢ    ᠠᠵᠢᠯᠯᠠᠵᠤ ᠴᠠᠭ᠄ ᠭᠠᠷᠠᠭ ᠤᠨ ᠨᠢᠭᠡᠨ ᠠᠴᠠ ᠲᠠᠪᠤ ᠶᠢᠨ 9᠄ 00-12᠄ 00᠂ 14᠄ 30-17᠄ 30 ᠴᠠᠭ᠃  ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠦᠭᠡᠢ᠃    ᠬᠠᠷᠢᠯᠴᠠᠬᠤ ᠤᠲᠠᠰᠤ᠄ 0471-6527116    ᠬᠠᠷᠢᠭᠤᠴᠠᠯᠭᠠᠲᠠᠨ᠄ ᠭᠥᠸᠧ ᠢᠤᠢ ᠹᠧᠩ  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠣᠯᠲᠠ ᠶᠢᠨ ᠲᠢᠩᠬᠢᠮ
Baidu
map