ᠲᠢᠩᠬᠢᠮ ᠤᠨ ᠳᠣᠲᠣᠭᠠᠳᠤ ᠶᠢᠨ ᠪᠠᠶᠢᠭᠤᠯᠣᠮᠵᠢ
ᠨᠡᠶᠢᠲᠡᠯᠡᠭᠰᠡᠨ ᠴᠠᠭ᠄
2024/1/4
ᠲᠢᠩᠬᠢᠮ ᠤᠨ ᠳᠣᠲᠣᠭᠠᠳᠤ ᠶᠢᠨ ᠪᠠᠶᠢᠭᠤᠯᠣᠮᠵᠢ ᠠᠯᠪᠠᠨ ᠭᠡᠷ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ ᠵᠠᠬᠢᠳᠠᠯ ᠰᠤᠷᠪᠤᠯᠵᠢᠯᠠᠯ ᠢ ᠶᠡᠷᠦᠩᠬᠡᠶᠢᠯᠡᠨ ᠵᠠᠰᠠᠬᠤ᠂ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠭᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠵᠢᠯᠲᠠᠨ ᠤ ᠶᠠᠪᠤᠳᠠᠯ ᠤᠨ ᠭᠠᠵᠠᠷ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠶᠢᠨ ᠴᠠᠯᠢᠩ᠂ ᠮᠡᠷᠭᠡᠵᠢᠯ ᠤᠨ ᠴᠣᠯᠠ ᠶᠢᠨ ᠬᠠᠮᠢᠶᠠᠷᠤᠯᠲᠠ᠂ ᠬᠥᠮᠦᠵᠢᠯ ᠪᠣᠯᠪᠠᠰᠤᠷᠠᠯ ᠵᠡᠷᠭᠡ ᠠᠵᠢᠯ ᠢ ᠬᠠᠷᠢᠭᠤᠴᠠᠨ᠎ᠠ᠃ ᠠᠵᠢᠯ ᠲᠥᠷᠥᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠬᠥᠭᠵᠢᠭᠦᠯᠬᠦ ᠲᠥᠷᠥ ᠶᠢᠨ ᠪᠣᠳᠣᠯᠭ᠎ᠠ᠂ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠯᠤᠰ ᠤᠨ ᠠᠵᠢᠯ ᠲᠦᠷᠦᠯ ᠤᠨ ᠠᠵᠢᠯ ᠮᠡᠷᠭᠡᠵᠢᠯ ᠤᠨ ᠪᠠᠷᠢᠮᠵᠢᠶ᠎ᠠ᠂ ᠠᠵᠢᠯ ᠡᠷᠬᠢᠯᠡᠬᠦ ᠬᠢᠷᠢ ᠬᠡᠮ ᠤᠨ ᠪᠠᠷᠢᠮᠵᠢᠶ᠎ᠠ᠂ ᠲᠤᠰᠬᠠᠶ ᠮᠡᠷᠭᠡᠵᠢᠯ ᠤᠨ ᠬᠢᠷᠢ ᠬᠡᠮ ᠤᠨ ᠪᠠᠷᠢᠮᠵᠢᠶ᠎ᠠ ᠶᠢ ᠵᠢᠯᠣᠭᠤᠳᠤᠨ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠤᠭᠳᠠᠭᠠᠯ᠂ ᠳᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥ ᠶᠢᠨ ᠪᠤᠳᠤᠯᠭ᠎ᠠ ᠶᠢᠨ ᠰᠤᠳᠤᠯᠤᠯ ᠢ ᠡᠭᠦᠷᠭᠡᠯᠡᠨ᠎ᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠵᠣᠬᠢᠴᠠᠭᠤᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠥᠬᠦ ᠣᠷᠣᠨ ᠤ ᠠᠵᠢᠯ ᠲᠥᠷᠥᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠵᠢᠯᠣᠭᠤᠳᠤᠨ᠎ᠠ᠃ ᠬᠠᠤᠯᠢ ᠲᠣᠭᠲᠠᠭᠠᠯ ᠢ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠤᠷᠤᠯᠴᠠᠨ᠎ᠠ᠃ ᠲᠦᠯᠦᠪᠯᠡᠯᠭᠡᠳᠦ ᠡᠳ᠋ ᠤᠨ ᠶᠠᠪᠤᠳᠠᠯ ᠤᠨ ᠭᠠᠵᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠦᠪᠵᠢᠭᠦᠯᠭᠡ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠲᠤᠰ ᠱᠠᠲᠤᠨ ᠤ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠡᠯ᠎ᠡ ᠵᠦᠢᠯ ᠤᠨ ᠪᠡᠯᠡ ᠮᠥᠩᠭᠦ ᠪᠣᠯᠤᠨ ᠳᠣᠲᠣᠭᠠᠳᠤ ᠶᠢᠨ ᠬᠢᠨᠠᠨ ᠪᠣᠳᠣᠯᠲᠠ ᠶᠢ ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠰᠦᠢᠳᠭᠡᠯ ᠬᠤᠷᠢᠶᠠᠬᠤ ᠬᠠᠮᠢᠶᠠᠷᠤᠯᠳᠠ ᠶᠢᠨ ᠠᠵᠢᠯ ᠢ  ᠬᠠᠷᠢᠭᠤᠴᠠᠨ᠎ᠠ᠃ ᠲᠢᠩᠬᠢᠮ ᠤᠨ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠳᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠠᠵᠢᠯ ᠦᠢᠯᠡᠰ ᠤᠨ ᠲᠤᠭ᠎ᠠ ᠪᠦᠷᠢᠳᠬᠡᠯ᠂ ᠵᠠᠳᠠᠯᠤᠨ ᠲᠣᠬᠢᠷᠠᠭᠤᠯᠬᠤ ᠪᠠ ᠭᠠᠳᠠᠭᠠᠳᠤ ᠲᠠᠢ ᠬᠠᠮᠲᠤᠷᠠᠯᠴᠠᠬᠤ ᠵᠡᠷᠭᠡ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠶᠢᠨ ᠪᠠᠲᠤᠯᠠᠭ᠎ᠠ ᠬᠢᠭᠡᠳ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠪᠣᠯᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠪᠣᠯᠤᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠳᠠ ᠲᠠᠯᠪᠢᠵᠤ ᠬᠡᠷᠡᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠲᠦᠷᠦᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠬᠤᠯᠪᠣᠭᠳᠠᠯ ᠪᠦᠬᠦᠢ ᠵᠦᠢᠯᠡᠰ ᠢ ᠳᠠᠭᠠᠭᠠᠨ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ︵ ᠨᠢᠭᠡᠴᠢ︶ ᠤᠨ ᠣᠷᠣᠨ ᠰᠠᠭᠤᠴᠠ ᠶᠢᠨ ᠨᠦᠬᠦᠪᠦᠷᠢ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ  ᠶᠢᠨ ᠲᠤᠰᠢᠶᠠᠨ ᠬᠠᠳᠠᠭᠠᠯᠠᠭᠤᠯᠬᠤ᠂ ᠬᠡᠷᠡᠭᠯᠡᠬᠦ᠂ ᠬᠠᠮᠢᠶᠠᠷᠬᠤ᠂ ᠬᠢᠨᠠᠯᠲᠠ ᠲᠠᠯᠪᠢᠬᠤ ᠵᠡᠷᠭᠡ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠨ᠎ᠠ᠃ ᠪᠥᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠ ᠪᠤᠰᠤᠳ ᠣᠷᠣᠨ ᠰᠠᠭᠤᠴᠠ ᠶᠢᠨ ᠪᠠᠯᠠ ᠮᠥᠩᠭᠦ ᠶᠢᠨ ᠬᠠᠮᠢᠶᠠᠷᠬᠤ᠂ ᠬᠡᠷᠡᠭᠯᠡᠬᠦ ᠪᠠ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃  ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠪᠠᠶᠢᠰᠢᠩ ᠲᠠᠲᠠᠪᠤᠷᠢᠯᠠᠬᠤ᠂ ᠭᠡᠷ ᠪᠠᠶᠢᠰᠢᠩ ᠠᠷᠠᠯᠵᠢᠶᠠᠯᠠᠬᠤ᠂ ᠭᠡᠷ ᠪᠠᠶᠢᠰᠢᠩ ᠵᠠᠭᠤᠴᠢᠯᠠᠬᠤ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠬᠢᠬᠦ᠂ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ᠂ ᠠᠰᠠᠷ ᠤᠨ ᠦᠨ᠎ᠡ ᠬᠠᠩᠰᠢ ᠶᠢᠨ ᠬᠦᠰᠦᠨᠦᠭᠲᠦ ᠪᠠᠶᠢᠭᠤᠯᠬᠤ᠂ ᠭᠡᠷ ᠪᠠᠶᠢᠰᠢᠩ ᠬᠤᠳᠠᠯᠳᠤᠨ ᠠᠪᠬᠤ ᠬᠢᠷᠢ ᠬᠡᠮ ᠢ ᠨᠢ ᠬᠠᠷᠭᠤᠭᠤᠯᠬᠤ᠂ ᠭᠡᠷ ᠪᠠᠶᠢᠰᠢᠩ ᠤᠨ ᠢᠷᠡᠯᠲᠡ ᠶᠢ ᠰᠢᠯᠭᠠᠨ ᠬᠢᠨᠠᠬᠤ᠂ ᠭᠡᠷ ᠪᠠᠶᠢᠰᠢᠩ ᠤᠨ ᠠᠷᠠᠯᠵᠢᠶᠠᠨ ᠤ ᠭᠡᠷ᠎ᠡ ᠶᠢᠨ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠬᠤ᠂ ᠭᠡᠷ ᠪᠠᠶᠢᠰᠢᠩ ᠤᠨ ᠠᠷᠠᠯᠵᠢᠶᠠᠨ ᠤ ᠪᠡᠯᠡ ᠮᠥᠩᠭᠦ ᠶᠢ ᠬᠢᠨᠠᠨ ᠬᠠᠮᠢᠶᠠᠷᠬᠤ ᠵᠢᠴᠢ ᠭᠡᠷ ᠪᠠᠶᠢᠰᠢᠩ ᠢ ᠪᠠᠷᠢᠴᠠᠭᠠᠯᠠᠬᠤ ᠵᠡᠷᠭᠡ ᠲᠣᠭᠲᠠᠭᠠᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠪᠦᠬᠦ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠰᠢᠰᠲ᠋ᠧᠮ ᠪᠠ ᠬᠤᠪᠢ ᠬᠥᠮᠦᠨ ᠤ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠮᠢᠶᠠᠷᠤᠨ᠎ᠠ᠃ ᠪᠠᠷᠢᠮᠵᠢᠶᠠᠲᠤ ᠨᠤᠷᠮ᠎ᠠ ᠲᠣᠭᠲᠠᠭᠠᠬᠤ ᠪᠠ ᠡᠨᠧᠷᠬᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠳᠡᠯᠡᠨ᠎ᠡ᠃ ᠪᠦᠲᠦᠭᠡᠨ ᠪᠠᠶᠢᠭᠤᠯᠬᠤ ᠪᠠᠷᠢᠮᠵᠢᠶ᠎ᠠ ᠪᠣᠯᠤᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ ᠪᠠᠶᠢᠭᠤᠯᠤᠨ ᠨᠡᠶᠢᠲᠡᠯᠡᠨ᠎ᠡ᠃ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠯᠠᠪᠯᠠᠯᠭ᠎ᠠ ᠥᠭᠬᠦ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠬᠢ ᠠᠷᠪᠢᠯᠠᠬᠤ ᠲᠥᠷᠥᠯ ᠵᠦᠢᠯ  ᠢ ᠮᠡᠳᠡᠭᠦᠯᠬᠦ ᠶᠢ ᠵᠣᠬᠢᠶᠠᠨ ᠪᠠᠶᠢᠭᠤᠯᠤᠨ ᠮᠡᠳᠡᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠬᠦ ᠶᠢ ᠵᠢᠯᠣᠭᠤᠳᠬᠤ ᠶᠢᠨ ᠬᠠᠮᠲᠤ ᠦᠨᠡᠯᠡᠭᠰᠡᠨ ᠲᠡᠮᠳᠡᠭ ᠲᠤ ᠬᠢᠨᠠᠯᠲᠠ ᠬᠠᠮᠢᠶᠠᠷᠤᠯᠲᠠ ᠬᠢᠨ᠎ᠠ᠃ ᠡᠨᠧᠷᠭᠢ ᠠᠷᠪᠢᠯᠠᠬᠤ ᠲᠤᠰᠬᠠᠶ ᠵᠦᠢᠯ ᠤᠨ ᠪᠡᠯᠡ ᠮᠥᠩᠭᠦ ᠶᠢ ᠬᠠᠮᠵᠢᠯᠴᠠᠨ ᠲᠣᠬᠢᠷᠠᠭᠤᠯᠤᠨ᠎ᠠ᠃ ᠠᠵᠢᠯ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠨ᠎ᠡ ᠮᠡᠷᠭᠡᠵᠢᠯ ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ᠂ ᠣᠷᠣᠭᠤᠯᠵᠤ ᠠᠪᠴᠢᠷᠠᠬᠤ ᠪᠠ ᠰᠢᠨ᠎ᠡ ᠶᠢ ᠡᠭᠦᠳᠬᠦ ᠠᠵᠢᠯ ᠢ ᠵᠣᠬᠢᠶᠠᠨ ᠪᠠᠶᠢᠭᠤᠯᠤᠨ᠎ᠠ᠃ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠵᠢᠯᠣᠭᠤᠳᠬᠤ ᠶᠢᠨ ᠬᠠᠮᠲᠤ ᠦᠨᠡᠯᠡᠭᠰᠡᠨ ᠲᠡᠮᠳᠡᠭ ᠲᠤ ᠬᠢᠨᠠᠯᠲᠠ ᠲᠠᠯᠪᠢᠵᠤ ᠬᠠᠮᠢᠶᠠᠷᠤᠨ᠎ᠠ᠃ ᠡᠨᠧᠷᠭᠢ ᠠᠷᠪᠢᠯᠠᠬᠤ ᠲᠤᠰᠬᠠᠶ ᠵᠦᠢᠯ ᠤᠨ ᠪᠡᠯᠡ ᠮᠥᠩᠭᠦ ᠶᠢ ᠬᠠᠮᠵᠢᠯᠴᠠᠨ ᠲᠣᠬᠢᠷᠠᠭᠤᠯᠤᠨ᠎ᠠ᠃ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠣᠷᠣᠭᠤᠯᠵᠤ ᠢᠷᠡᠬᠦ ᠪᠠ ᠰᠢᠨ᠎ᠡ ᠶᠢ ᠡᠭᠦᠳᠬᠦ ᠠᠵᠢᠯ ᠢ ᠵᠣᠬᠢᠶᠠᠨ ᠪᠠᠶᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ  ᠪᠠᠷᠢᠯᠭ᠎ᠠ ᠶᠢᠨ ᠵᠠᠬ᠎ᠠ ᠳᠡᠯᠭᠡᠭᠦᠷ᠂ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠤᠯᠳᠠ᠂ ᠭᠡᠷ᠎ᠡ ᠶᠢᠨ ᠬᠠᠮᠢᠶᠠᠷᠤᠯᠲᠠ᠂ ᠪᠠᠷᠢᠯᠭ᠎ᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠲᠥᠷᠥ ᠶᠢᠨ ᠪᠤᠳᠤᠯᠭ᠎ᠠ ᠪᠣᠯᠤᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠵᠠᠰᠠᠵᠤ ᠴᠢᠮᠡᠭᠯᠡᠬᠦ᠂ ᠭᠡᠷ ᠤᠨ ᠳᠣᠲᠣᠷᠠᠬᠢ ᠵᠠᠰᠠᠯ ᠴᠢᠮᠡᠭᠯᠡᠯ᠂ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠠᠵᠤ ᠠᠬᠤᠶᠢᠯᠠᠯ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠢᠨ ᠯᠠᠪᠯᠠᠭ᠎ᠠ ᠥᠭᠬᠦ ᠨᠢᠭᠡᠴᠢ᠂ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠨᠢᠭᠡᠴᠡ ᠶᠢᠨ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃  ᠪᠠᠷᠢᠯᠭ᠎ᠠ ᠶᠢᠨ ᠶᠠᠰᠤ ᠴᠢᠨᠠᠷ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠶᠢᠨ ᠠᠶᠦᠯᠭᠦᠢ ᠦᠢᠯᠡᠳᠪᠦᠷᠢᠯᠡᠯ ᠵᠡᠷᠭᠡ ᠠᠵᠢᠯ ᠢ ᠵᠢᠯᠣᠭᠤᠳᠤᠨ ᠬᠢᠨᠠᠯᠳᠠ ᠲᠠᠯᠪᠢᠨ᠎ᠠ᠃ ᠬᠦᠨᠳᠦ ᠣᠨᠴᠠ ᠶᠡᠭᠡ ᠶᠠᠰᠤ ᠴᠢᠨᠠᠷ᠂ ᠠᠶᠤᠯᠭᠦᠶ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠢ ᠰᠡᠷᠭᠡᠶᠢᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠵᠢᠴᠢ ᠳᠠᠩᠰᠠᠯᠠᠬᠤ ᠪᠠ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠬᠤᠲᠠ ᠪᠠᠯᠭᠠᠰᠤ ᠶᠢᠨ ᠤᠰᠤᠨ ᠤ ᠶᠠᠪᠤᠳᠠᠯ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠤᠭᠤᠳᠤᠨ᠎ᠠ᠃ ᠬᠤᠲᠠ ᠶᠢᠨ ᠵᠠᠮ ᠬᠥᠭᠦᠷᠭᠡ᠂ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ᠂ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠶᠢᠨ ᠵᠢᠮᠳᠦ ᠵᠠᠮ ᠬᠠᠷᠢᠯᠴᠠᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠢᠯᠣᠭᠤᠳᠤᠨ᠎ᠠ᠃ ᠬᠤᠲᠠ ᠶᠢᠨ ᠰᠡᠯᠪᠢᠨ ᠵᠠᠰᠠᠬᠤ ᠪᠠ ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠲᠡᠤᠬᠡ ᠰᠣᠶᠣᠯ ᠤᠨ ᠨᠡᠷᠡᠲᠦ ᠬᠤᠲᠠ ᠶᠢ ᠭᠤᠶᠤᠴᠢᠯᠠᠨ ᠮᠡᠳᠡᠭᠦᠯᠬᠦ ᠪᠠ ᠬᠤᠲᠠ ᠪᠠᠯᠭᠠᠰᠤ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ᠂ ᠬᠤᠲᠠ ᠪᠠᠯᠭᠠᠰᠤ ᠶᠢᠨ ᠱᠤᠭᠤᠮᠠᠯ᠂ ᠬᠤᠲᠠ ᠪᠠᠯᠭᠠᠰᠤ ᠶᠢᠨ ᠪᠦᠳᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠲᠠ ᠶᠢᠨ ᠬᠠᠮᠢᠶᠠᠷᠤᠯᠲᠠ ᠶᠢᠨ ᠭᠠᠵᠠᠷ ᠬᠤᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠲᠠ ᠶᠢᠨ ᠬᠠᠮᠢᠶᠠᠷᠤᠯᠲᠠ ᠶᠢᠨ ᠵᠣᠬᠢᠴᠠᠩᠭᠤᠶ ᠮᠡᠷᠭᠡᠵᠢᠯ ᠤᠨ ᠵᠢᠷᠤᠮᠵᠢᠯ᠂ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠣᠷᠣᠨ ᠤ ᠬᠤᠲᠠ ᠪᠠᠯᠭᠠᠰᠤ ᠶᠢᠨ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ᠂ ᠵᠠᠮ ᠬᠥᠭᠦᠷᠭᠡ ᠶᠢᠨ ᠬᠠᠮᠢᠶᠠᠷᠤᠯᠲᠠ ᠶᠢᠨ ᠠᠵᠢᠯ ᠵᠢᠴᠢ ᠪᠦᠬᠦ ᠣᠷᠣᠨ ᠤ ᠬᠤᠲᠠ ᠪᠠᠯᠭᠠᠰᠤ ᠶᠢᠨ ᠰᠢᠲᠠᠮᠠᠬᠠᠶ ᠬᠡᠢ᠂ ᠢᠯᠴᠢ ᠬᠠᠩᠭᠠᠬᠤ᠂ ᠬᠤᠭ ᠨᠣᠪᠰᠢ᠂ ᠣᠯᠠᠨ ᠨᠡᠶᠢᠲᠡ ᠶᠢᠨ ᠭᠡᠷᠡᠯᠲᠦᠭᠦᠯᠭᠡ᠂ ᠬᠤᠲᠠ ᠶᠢᠨ ᠲᠡᠷᠭᠡᠨ ᠵᠣᠭᠰᠣᠭᠠᠯ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠠᠶᠦᠯᠭᠦᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃     ᠬᠤᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠠᠵᠠᠷ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠵᠢᠯᠣᠭᠤᠳᠤᠨ ᠬᠢᠨᠠᠯᠲᠠ ᠲᠠᠯᠪᠢᠬᠤ ᠶᠢᠨ ᠬᠠᠮᠲᠤ ᠬᠢᠨᠠᠨ ᠰᠢᠯᠭᠠᠵᠤ ᠦᠨᠡᠯᠡᠬᠦ ᠠᠵᠢᠯ ᠢ ᠥᠷᠨᠢᠭᠦᠯᠦᠨ᠎ᠡ ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠳᠠ ᠠᠴᠠ ᠪᠤᠰᠤᠳ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠬᠡᠷᠡᠭ ᠪᠠ ᠣᠷᠣᠨ ᠪᠦᠰᠡ ᠠᠯᠤᠰᠯᠠᠭᠰᠠᠨ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠪᠢᠶᠠᠷᠢᠯᠠᠨ ᠰᠢᠯᠵᠢᠭᠦᠯᠦᠭᠰᠡᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯ ᠢ ᠲᠦᠪᠯᠡᠷᠡᠭᠦᠯᠦᠨ ᠬᠢᠨᠠᠯᠲᠠ ᠲᠠᠯᠪᠢᠬᠤ ᠶᠢ ᠵᠢᠯᠣᠭᠤᠳᠤᠨ᠎ᠠ᠃ ᠪᠦᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠵᠢᠯᠦᠭᠤᠳᠤᠨ᠎ᠠ᠃  ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠵᠢᠯᠣᠭᠤᠳᠤᠨ᠎ᠠ᠃ ᠲᠡᠤᠬᠡ ᠰᠣᠶᠣᠯ ᠤᠨ ᠨᠡᠷᠡᠲᠦ ᠪᠠᠯᠭᠠᠰᠤ ︵ᠲᠣᠰᠬᠤᠨ︶ ᠪᠣᠯᠤᠨ ᠣᠨᠴᠠᠯᠢᠭᠲᠤ ᠦᠵᠡᠮᠵᠢ ᠶᠢᠨ ᠨᠡᠷᠡᠲᠦ ᠪᠠᠯᠭᠠᠰᠤ ︵ᠲᠣᠰᠬᠤᠨ︶ ᠶᠢ ᠬᠠᠮᠠᠭᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠡᠯ᠎ᠡ ᠱᠠᠲᠤᠨ ᠤ ᠭᠤᠤᠯᠳᠠᠯᠭ᠎ᠠ ᠲᠠᠢ ᠪᠠᠯᠭᠠᠰᠤ᠂ ᠣᠨᠴᠠᠯᠢᠭᠲᠤ ᠵᠢᠵᠢᠭ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠳᠠ ᠪᠣᠯᠤᠨ ᠤᠯᠠᠮᠵᠢᠯᠠᠯᠲᠤ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠬᠤ ︵ᠬᠢᠨᠠᠨ ᠬᠠᠷᠭᠤᠭᠤᠯᠬᠤ︶ ᠲᠦᠷᠢᠮ᠂ ᠪᠠᠷᠢᠮᠵᠢᠶ᠎ᠠ᠂ ᠴᠤᠪᠤᠷᠠᠯ  ᠢ ᠲᠤᠭᠤᠷᠪᠢᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠤ ᠰᠠᠭᠤᠭ᠎ᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠪᠦᠬᠦ ᠣᠷᠣᠨ  ᠤ ᠣᠷᠣᠨ ᠰᠠᠭᠤᠴᠠ ᠪᠠ ᠬᠤᠳᠠ ᠬᠥᠳᠡᠭᠡ  ᠶᠢᠨ ᠪᠦᠳᠦᠬᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠵᠢᠯᠣᠭᠤᠳᠤᠨ᠎ᠠ᠃ ᠰᠠᠭᠤᠭᠠᠯᠢ ᠲᠣᠭᠤᠷᠢᠭ ᠬᠢᠭᠡᠳ ᠠᠳᠠᠯ ᠠᠬᠤᠶ ᠶᠢᠨ ᠬᠠᠮᠢᠶᠠᠷᠤᠯᠲᠠ ᠶᠢᠨ ᠭᠠᠵᠠᠷᠪᠥᠬᠦ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ᠂ ᠬᠤᠲᠠ ᠪᠠᠯᠭᠠᠰᠤᠨ ᠤ ᠬᠠᠭᠤᠴᠢᠷᠠᠭᠰᠠᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠳᠠᠯ ᠠᠬᠤᠶ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠪᠠᠷᠢᠮᠵᠢᠶ᠎ᠠ ᠶᠢᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠬᠠᠭᠤᠴᠢᠷᠠᠭᠰᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠯᠥᠪᠵᠢᠭᠦᠯᠭᠡ ᠵᠢᠴᠢ ᠣᠨ ᠤ ᠲᠥᠯᠥᠪᠯᠡᠭᠡ ᠶᠢ ᠬᠠᠷᠢᠭᠤᠴᠠᠨ ᠲᠣᠭᠲᠠᠭᠠᠵᠤ᠂ ᠬᠤᠲᠠ ᠪᠠᠯᠭᠠᠰᠤᠨ ᠤ ᠬᠠᠭᠤᠴᠢᠷᠠᠭᠰᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ ᠠᠵᠢᠯ ᠢ ᠵᠢᠯᠣᠭᠤᠳᠤᠨ᠎ᠠ᠃ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠯᠲᠡ ᠶᠢᠨ ᠬᠠᠮᠢᠶᠠᠷᠤᠯᠲᠠ ᠶᠢᠨ ᠭᠠᠵᠠᠷᠪᠦᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠬᠦ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠪᠠᠷᠢᠮᠵᠢᠶ᠎ᠠ ᠵᠢᠷᠤᠮᠵᠢᠯ ᠢ ᠲᠣᠭᠲᠠᠭᠠᠬᠤ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠬᠦ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠰᠡᠷᠭᠡᠶᠢᠯᠡᠬᠦ ᠶᠢ ᠰᠢᠯᠭᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶᠢᠴᠠᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ ᠬᠠᠮᠢᠶᠠᠷᠤᠨ᠎ᠠ᠃ ᠪᠦᠬᠦ ᠣᠷᠣᠨ ᠤ ᠣᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠦᠨᠳᠦ ᠶᠡᠭᠡ ᠭᠠᠯ ᠤᠨ ᠠᠶᠤᠯ ᠢ ᠪᠠᠶᠢᠴᠠᠭᠠᠬᠤ ᠠᠵᠢᠯ ᠳᠤ ᠣᠷᠣᠯᠴᠠᠨ᠎ᠠ᠃ᠪᠠᠶᠢᠭᠤᠯᠭ᠎ᠠ ᠶᠢᠨ ᠨᠠᠮ ᠤᠨ ᠬᠤᠷᠢᠶ᠎ᠠ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠬᠠᠷᠢᠭᠤᠴᠠᠨ᠎ᠠ᠃ ᠬᠠᠷᠢᠶ᠎ᠠ ᠨᠢᠭᠡᠴᠡ ᠶᠢᠨ ᠢᠶᠠᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠵᠢᠯᠣᠭᠤᠳᠤᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠣᠯᠲᠠ ᠶᠢᠨ ᠲᠢᠩᠬᠢᠮ
Baidu
map