ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠪᠥᠬᠦ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠲᠤᠬᠢᠷᠠᠭᠤᠯᠤᠯᠳᠠ ᠶᠢᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/8
    1 ᠳ᠋ᠤᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠪᠥᠬᠦ ᠣᠷᠣᠨ ᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠣᠶᠢᠷ᠎ᠠ ᠶᠢᠨ ᠬᠤᠭᠤᠴᠠᠭᠠᠨ ᠤ ᠬᠤᠲᠠ ᠪᠠᠯᠭᠠᠰᠤᠨ ᠤ ᠢᠯᠴᠢ ᠬᠠᠩᠭᠠᠬᠤ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠳ᠋ᠦᠩᠨᠡᠵᠦ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
1.png
    ᠬᠤᠷᠠᠯ ᠠᠴᠠ᠂ ᠢᠯᠴᠢ ᠬᠠᠩᠭᠠᠬᠤ ᠪᠠᠳᠤᠯᠠᠭ᠎ᠠ ᠶᠢᠨ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠠᠩᠬᠠᠷᠤᠯ ᠤᠨ ᠲᠥᠪ ᠪᠣᠯᠬᠤ ᠪᠥᠭᠡᠳ ᠪᠠᠰᠠ ᠴᠤ ᠠᠵᠢᠯ ᠤᠨ ᠭᠤᠣᠯᠳᠠᠯᠭ᠎ᠠ᠂ ᠬᠦᠴᠢᠷ ᠠᠰᠠᠭᠤᠳᠠᠯ ᠪᠣᠯᠣᠨ᠎ᠠ᠂ ᠵᠢᠭᠠᠬᠠᠨ ᠣᠮᠲᠣᠭᠠᠶᠢᠯᠠᠪᠠᠯ ᠠᠷᠠᠳ ᠤᠨ ᠰᠡᠳᠬᠢᠯ ᠢ ︽ᠬᠦᠢᠲᠡᠷᠡᠭᠦᠯᠬᠦ︾ ᠪᠣᠯᠣᠨ᠎ᠠ᠂ ᠡᠯ᠎ᠡ ᠭᠠᠵᠠᠷ ᠤᠨ ᠬᠢᠨ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠳᠤᠯᠠᠭᠠᠯᠭ᠎ᠠ ᠶᠢᠨ ᠬᠦᠷᠢᠶᠡᠨ ᠳᠠᠬᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠰᠢᠰᠲ᠋ᠧᠮ ᠲᠠᠢ ᠡᠮᠬᠢᠯᠡᠵᠦ᠂ ᠢᠳᠡᠪᠬᠢᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠴᠡᠭ ᠢᠶᠠᠷ ᠨᠡᠶᠢᠳᠡᠮ ᠢ ᠲᠠᠶᠢᠴᠢᠯᠠᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠠᠶᠢᠴᠠᠭᠠᠨ ᠲᠣᠳᠣᠯᠠᠭᠰᠠᠨ ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠶᠢ ᠪᠣᠳᠠᠲᠠᠶᠢᠵᠢᠭᠤᠯᠤᠭᠰᠠᠨ ᠦᠭᠡᠢ᠂ ᠭᠡᠷ ᠤᠨ ᠳᠤᠯᠠᠭᠠᠨ ᠪᠠᠷᠢᠮᠵᠢᠶ᠎ᠠ ᠳᠤ ᠭᠦᠷᠦᠭᠰᠡᠨ ᠦᠭᠡᠢ ᠵᠡᠷᠭᠡ ᠲᠣᠪᠣᠶᠢᠮ᠎ᠠ ᠠᠰᠠᠭᠤᠳᠠᠯ ᠳᠤ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ᠂ ᠠᠰᠠᠭᠤᠳᠠᠯ ᠢ ᠪᠦᠬᠦᠨ ᠢ ᠰᠢᠢᠳᠪᠦᠷᠢᠯᠡᠨ᠎ᠡ ᠃ ᠬᠤᠶᠠᠷ ᠲᠤ᠂ ᠠᠷᠠᠳ ᠢ ᠰᠤᠷᠪᠤᠯᠵᠢᠯᠠᠵᠤ ᠭᠡᠷ ᠤᠨ ᠳᠤᠯᠠᠭᠠᠨ ᠤ ᠪᠠᠶᠢᠳᠠᠯ ᠢ  ᠨᠢ ᠠᠰᠠᠭᠤᠬᠤ ᠶᠢ ᠦᠷᠭᠦᠯᠵᠢᠯᠡᠨ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠤᠨᠢᠨ ᠳᠡᠭᠡᠷ᠎ᠡ ᠨᠢ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠡᠷᠢᠵᠦ᠂ ᠠᠵᠤ ᠠᠬᠤᠶᠢᠯᠠᠯ ᠪᠣᠯᠣᠨ ᠬᠡᠷᠡᠭᠯᠡᠭᠴᠢᠳ ᠤᠨ ᠬᠤᠭᠤᠷᠣᠨᠳᠣᠬᠢ ᠵᠥᠷᠢᠴᠡᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠤᠯᠠᠨ ᠲᠦᠮᠡᠨ ᠢ ᠳᠤᠯᠠᠭᠠᠴᠠᠭᠤᠯᠵᠤ᠂ ᠤᠯᠠᠨ ᠲᠦᠮᠡᠨ ᠤ ᠳᠡᠮᠵᠢᠯᠭᠡ ᠶᠢ ᠣᠯᠬᠤ ᠬᠡᠷᠡᠭᠲᠡᠢ᠃ ᠭᠤᠷᠪᠠ ᠳᠤ᠂ ︽ᠲᠤᠯᠠᠭᠠᠴᠠᠯᠭ᠎ᠠ ᠶᠢᠨ ᠢᠨᠵᠧᠨᠧᠷᠢᠩ︾ ᠲᠠᠢ ᠤᠶᠠᠯᠳᠤᠭᠤᠯᠤᠨ᠂ ᠰᠠᠭᠤᠭᠠᠯᠠᠢ ᠠᠷᠠᠳ ᠤᠨ ᠲᠣᠭᠤᠷᠢᠭ ᠢᠶᠠᠷ ᠨᠢᠭᠡᠴᠢ ᠪᠣᠯᠭᠠᠨ ᠪᠦᠬᠦᠨ ᠢ ᠪᠦᠷᠬᠦᠭᠦᠯᠦᠨ ᠪᠠᠶᠢᠳᠠᠯ ᠢ ᠵᠢᠭᠰᠠᠭᠠᠨ ᠪᠠᠶᠢᠴᠠᠭᠠᠵᠦ᠂ ᠢᠯᠴᠢ ᠶᠢᠨ ᠢᠷᠡᠯᠲᠡ᠂ ᠢᠯᠴᠢ ᠶᠢᠨ ᠲᠣᠣᠷ᠂ ᠢᠯᠴᠢ ᠰᠣᠯᠢᠬᠤ ᠦᠷᠳᠡᠭᠡ᠂ ᠰᠠᠭᠤᠭᠠᠯᠢ ᠡᠷᠦᠭᠡ ᠶᠢᠨ ᠪᠦᠬᠦ ᠬᠡᠯᠬᠢᠶ᠎ᠡ ᠶᠢᠨ ᠬᠠᠯᠠᠬᠤ ᠦᠭᠡᠢ ᠰᠢᠯᠲᠠᠭᠠᠨ ᠢ ᠡᠷᠢᠨ ᠭᠠᠷᠭᠠᠵᠤ᠂ ᠤᠯᠠᠨ ᠲᠦᠮᠡᠨ ᠤ ᠲᠤᠰᠬᠠᠯ ᠴᠢᠩᠭ᠎ᠠ᠂ ᠢᠯᠴᠢ ᠬᠠᠩᠭᠠᠬᠤ ᠵᠠᠭᠠᠯᠳᠤᠯᠭ᠎ᠠ ᠤᠯᠠᠨ ᠭᠠᠷᠴᠤ ᠪᠠᠶᠢᠭ᠎ᠠ ᠠᠰᠠᠭᠤᠳᠠᠯ ᠲᠠᠢ ᠰᠠᠭᠤᠭᠠᠯᠠᠢ ᠠᠷᠠᠳ ᠤᠨ ᠲᠣᠭᠤᠷᠢᠭ ᠲᠤ ᠶᠡᠷᠦᠩᠬᠡᠶᠢᠯᠡᠭᠰᠡᠨ ︽ ᠣᠨᠣᠰᠢᠯᠠᠯᠲᠠ︾ ᠬᠢᠵᠦ᠂ ︽ᠡᠪᠡᠳᠴᠢᠨ ᠤ ᠦᠨᠳᠦᠰᠦ︾ ᠶᠢ ᠣᠨᠣᠪᠴᠢᠲᠠᠢ ᠡᠷᠢᠵᠦ᠂ ᠪᠣᠳᠠᠲᠠᠢ ᠶᠢ ᠡᠷᠬᠢᠮᠯᠡᠭᠰᠡᠨ ᠬᠦᠴᠦᠨ ᠪᠦᠬᠦᠢ ︽ᠡᠮᠨᠡᠨ ᠵᠠᠰᠠᠬᠤ ᠲᠥᠰᠥᠯ︾ ᠲᠣᠭᠲᠠᠭᠠᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠤᠲᠠ ᠶᠢᠨ ᠬᠠᠮᠢᠶᠠᠷᠤᠯᠲᠠ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠤᠨ ᠭᠤᠣᠯ ᠲᠠᠯᠠᠪᠠᠶ ᠠᠴᠠ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠦᠬᠠᠢ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠤᠨ ᠬᠤᠪᠢᠶᠠᠷᠢ ᠲᠠᠯᠠᠪᠠᠶ ᠠᠴᠠ ᠬᠤᠷᠠᠯ ᠳᠤ ᠣᠷᠣᠯᠴᠠᠪᠠ᠃    1 ᠳ᠋ᠤᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠭᠦᠸᠧ ᠢᠦᠢ ᠹᠧᠩ ᠪᠦᠯᠬᠦᠮ ᠳᠠᠭᠠᠭᠤᠯᠤᠨ ᠬᠥᠬᠡᠬᠤᠲᠠ ᠶᠢᠨ ᠹᠧᠩ ᠷᠦᠢ ᠴᠡᠴᠡᠷᠯᠢᠭ ᠤᠨ ᠨᠢᠭᠡᠳᠦᠭᠡᠷ ᠨᠤᠮᠧᠷᠳᠤ ᠰᠠᠭᠤᠭᠠᠯᠠᠢ ᠠᠷᠠᠳ ᠤᠨ ᠲᠣᠭᠤᠷᠢᠭ ᠲᠤ ᠬᠦᠷᠴᠦ᠂ ᠰᠠᠭᠤᠭᠠᠯᠢ ᠠᠷᠠᠳ ᠤᠨ ᠭᠡᠷ ᠤᠨ ᠳᠤᠯᠠᠭᠠᠨ ᠤ ᠬᠡᠮᠵᠢᠶ᠎ᠡ ᠶᠢ ᠨᠢ ᠣᠶᠢᠯᠠᠭᠠᠬᠤ ᠶᠢᠨ ᠬᠠᠮᠲᠤ ᠰᠠᠭᠤᠭᠠᠯᠢ ᠠᠷᠠᠳ ᠠᠴᠠ ᠭᠡᠷ ᠤᠨ ᠳᠤᠯᠠᠭᠠᠯᠭ᠎ᠠ ᠶᠢᠨ ᠪᠠᠶᠢᠳᠠᠯ ᠢ ᠨᠢ ᠣᠶᠢᠯᠠᠭᠠᠵᠤ᠂ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠪᠣᠯᠣᠨ ᠰᠠᠨᠠᠯ ᠢ ᠰᠣᠨᠣᠰᠴᠠᠢ᠃ ᠭᠦᠸᠧ ᠢᠦᠢ ᠹᠧᠩ᠂ ᠠᠷᠠᠳ ᠢᠷᠭᠡᠳ ᠤᠨ ᠬᠦᠰᠡᠯ ᠪᠣᠯ ᠵᠠᠰᠠᠭ ᠤᠨ ᠶᠠᠪᠤᠳᠠᠯ ᠤᠨ ᠬᠠᠨᠳᠤᠰᠢ᠂ ᠳᠤᠯᠠᠭᠠᠯᠠᠭ᠎ᠠ ᠶᠢᠨ ᠠᠵᠢᠯ ᠪᠣᠯ ᠡᠪᠦᠯ ᠤᠨ ᠤᠯᠠᠷᠢᠯ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠡᠷᠢᠭᠦᠨ ᠴᠢᠬᠤᠯᠠ ᠶᠠᠪᠤᠳᠠᠯ ᠮᠥᠨ᠂ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠺᠠᠳ᠋ᠷ ᠪᠠ ᠳᠤᠯᠠᠭᠠᠯᠭ᠎ᠠ ᠶᠢᠨ ᠠᠵᠤ ᠠᠬᠤᠶᠢᠯᠠᠯ ᠤᠳ ᠣᠯᠠᠨ ᠲᠦᠮᠡᠨ ᠤ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠤ ᠪᠠᠨ ᠪᠤᠳᠤᠵᠤ᠂ ᠴᠢᠩᠭ᠎ᠠ ᠠᠳᠬᠤᠨ᠂ ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ᠂ ᠢᠲᠡᠭᠡᠯ ᠵᠣᠷᠢᠭ ᠪᠠ ᠲᠡᠰᠪᠦᠷᠢ ᠲᠠᠢ ᠪᠠᠶᠢᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠰᠠᠭᠤᠭᠠᠯᠠᠢ ᠠᠷᠠᠳ ᠤᠨ ᠲᠣᠭᠤᠷᠢᠭ ᠳᠠᠷᠠᠭᠠᠯᠠᠨ᠂ ᠠᠰᠠᠷ ᠳᠠᠷᠠᠭᠠᠯᠠᠨ ᠂ ᠡᠷᠦᠭᠡ ᠳᠠᠷᠠᠭᠠᠯᠠᠨ ᠦᠢᠯᠡᠴᠢᠯᠡᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠢᠯᠲᠠᠭᠠᠨ ᠢ ᠨᠢ ᠦᠨᠡᠨ ᠬᠦ ᠲᠣᠳᠣᠷᠬᠠᠢ ᠣᠶᠢᠯᠠᠭᠠᠵᠤ᠂ ᠡᠪᠡᠳᠴᠢᠨ ᠤ ᠭᠤᠣᠯ ᠢ  ᠨᠢ ᠣᠨᠣᠪᠴᠢᠲᠠᠶ ᠡᠷᠢᠵᠦ ᠣᠯᠬᠤ ᠬᠡᠷᠡᠭᠲᠡᠢ᠃ ᠢᠯᠴᠢ ᠶᠢᠨ ᠢᠷᠡᠯᠲᠡ ᠶᠢ ᠪᠠᠲᠤᠯᠠᠬᠤ᠂ ᠬᠤᠭᠤᠯᠠᠢ ᠲᠣᠣᠷ ᠤᠨ ᠠᠵᠢᠯᠯᠠᠭᠠᠨ᠂ ᠠᠰᠠᠷ ᠤᠨ ᠳᠤᠯᠠᠭᠠᠨ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠳᠤ᠂ ᠡᠷᠦᠬᠡ ᠳᠠᠷᠠᠭᠠᠯᠠᠨ ᠠᠵᠢᠯ ᠤᠨ ᠡᠬᠡ ᠲᠠᠩᠰᠠ ᠪᠠᠶᠢᠭᠤᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠬᠤ ᠬᠡᠷᠡᠭᠲᠡᠢ᠃ ᠳᠠᠷᠤᠶᠢᠬᠠᠨ ᠰᠢᠢᠳᠪᠦᠷᠢᠯᠡᠵᠦ ᠳᠡᠶᠢᠯᠬᠦ ᠴᠢᠬᠤᠯᠠ ᠶᠠᠪᠤᠳᠠᠯ ᠢ ᠡᠳᠦᠷ ᠠᠯᠤᠰᠯᠠᠬᠤ ᠦᠭᠡᠢ ᠪᠠᠷ ᠳᠠᠷᠤᠶᠢᠬᠠᠨ ᠰᠢᠢᠳᠪᠦᠷᠢᠯᠡᠵᠦ᠂ ᠲᠦᠷ ᠴᠠᠭ ᠰᠢᠢᠳᠪᠦᠷᠢᠯᠡᠬᠦ ᠳᠤ ᠬᠦᠴᠢᠷᠲᠡᠢ ᠶᠢ ᠨᠢ ᠲᠦᠷ ᠴᠠᠭ ᠤᠨ ᠴᠢᠨᠠᠷᠲᠠᠢ ᠰᠢᠯᠵᠢᠯᠳᠡ ᠶᠢᠨ ᠱᠠᠳᠤᠨ ᠤ ᠠᠷᠭ᠎ᠠ ᠬᠡᠮᠵᠢᠶ᠎ᠡ ᠠᠪᠴᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ᠂ ᠬᠤᠲᠠ ᠶᠢᠨ ᠬᠠᠮᠢᠶᠠᠷᠤᠯᠲᠠ ᠶᠢᠨ ᠭᠠᠵᠠᠷ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠨᠥᠬᠦᠳ ᠰᠤᠷᠪᠤᠯᠵᠢᠯᠠᠭ᠎ᠠ ᠶᠢᠨ ᠪᠠᠶᠢᠴᠠᠭᠠᠨ ᠰᠤᠳᠤᠯᠤᠯᠳᠠ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map