ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/9
    1 ᠳ᠋ᠤᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃
1.jpg
     ᠬᠤᠷᠠᠯ  ᠠᠴᠠ᠂ ᠶᠡᠷᠦᠩᠬᠡᠢ ᠱᠦᠵᠢ ᠰᠢ  ᠶᠢᠨ ᠫᠢᠩ  ᠤᠨ  ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠮᠠᠤ ᠽᠦ ᠳ᠋ᠦᠩ ᠨᠥᠬᠦᠷ ᠤᠨ ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠨᠠᠮᠪᠠ ᠠᠴᠠ ᠰᠢᠮ᠎ᠡ ᠲᠡᠵᠢᠭᠡᠯ ᠤᠨ ᠤᠶᠤᠨ ᠤᠬᠠᠭᠠᠨ ᠢ ᠰᠢᠩᠭᠡᠬᠡᠨ ᠠᠪᠴᠤ᠂ ᠤᠨᠤᠯ ᠪᠣᠯᠣᠨ ᠦᠢᠯᠡᠳᠦᠯᠭᠡ᠂ ᠲᠡᠦᠬᠡ ᠪᠣᠯᠣᠨ ᠪᠣᠳᠠᠲᠤ ᠠᠬᠤᠢ ᠶᠢᠨ ᠤᠶᠠᠯᠳᠤᠯ ᠤᠨ ᠳᠤᠮᠳᠠ ᠠᠴᠠ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠨᠢᠭᠲᠠᠷᠠᠭᠤᠯᠵᠤ ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠶᠢ ᠠᠳᠬᠤᠵᠤ᠂ ᠰᠢᠨ᠎ᠡ ᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠬᠦ ᠬᠡᠷᠡᠭᠵᠢᠭᠦᠯᠵᠦ᠂ ᠭᠦᠨᠵᠡᠭᠡᠶᠢᠷᠡᠭᠦᠯᠬᠦ᠂ ᠳᠣᠲᠣᠭᠰᠢᠯᠠᠭᠤᠯᠬᠤ᠂ᠬᠤᠪᠢᠷᠠᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠤᠬᠠᠮᠰᠠᠷ ᠠᠴᠠ ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠠᠷᠠᠳ ᠤᠯᠠᠨ ᠤ ᠰᠡᠳᠬᠢᠯ ᠤᠨ ᠬᠦᠴᠢᠷᠳᠡᠯ᠂ ᠠᠮᠢᠳᠤᠷᠠᠯ ᠤᠨ ᠪᠠᠴᠢᠮ᠂ ᠬᠥᠭᠵᠢᠯᠲᠡ ᠶᠢᠨ ᠵᠣᠪᠠᠭᠤᠷᠢ ᠲᠠᠢ ᠨᠢᠭᠲᠠ ᠤᠶᠠᠯᠳᠤᠭᠤᠯᠤᠨ᠂ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠤᠯᠠᠨ ᠲᠦᠮᠡᠨ ᠳᠤ ᠮᠡᠳᠡᠷᠡᠭᠳᠡᠬᠦ ᠪᠣᠳᠠᠲᠠᠢ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠣᠷᠣᠨ ᠤ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠣᠯᠣᠨ ᠶᠠᠨ ᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠵᠤ ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠲᠠᠭᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠰᠢᠨ᠎ᠡ ᠵᠢᠯ ᠤᠨ ᠪᠠᠶᠠᠷ ᠤᠨ ᠦᠭᠡ ᠪᠣᠯᠣᠨ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠡᠨᠡ ᠨᠢᠭᠡ ᠵᠢᠯ ᠤᠨ ᠠᠯᠬᠤᠭ᠎ᠠ︾ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠬᠡᠨ ᠠᠪᠴᠤ᠂ ︽ᠰᠠᠯᠬᠢ ᠪᠣᠷᠣᠭᠠᠨ ᠲᠠᠢ ᠪᠠᠶᠢᠬᠤ ᠪᠣᠯ ᠬᠡᠪ ᠤᠨ ᠪᠠᠶᠢᠳᠠᠯ︾ ᠠᠴᠠ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠬᠠᠲᠠᠭᠤᠵᠢᠭᠤᠯᠵᠤ᠂ ︽ᠮᠠᠨ ᠤ ᠬᠠᠷᠠᠯᠲᠠ︾ ᠠᠴᠠ ᠡᠷᠡᠯᠬᠡᠭᠯᠡᠨ ᠤᠷᠤᠭᠰᠢᠯᠠᠬᠤ ᠴᠢᠭᠯᠡᠯ ᠢ ᠪᠠᠲᠤᠳᠬᠠᠵᠤ᠂ ᠡᠷᠡᠯᠬᠡᠭᠯᠡᠨ ᠲᠡᠮᠡᠴᠡᠵᠦ ᠦᠢᠯᠡᠰ ᠪᠦᠲᠦᠭᠡᠬᠦ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠢᠯ ᠤᠨ ᠡᠬᠢᠨ ᠤ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠢ ᠬᠠᠮᠤᠭ ᠤᠨ ᠶᠡᠭᠡ ᠤᠯᠤᠰ ᠲᠥᠷᠥ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠵᠤ᠂ ᠶᠡᠷᠦᠩᠬᠡᠢ ᠱᠦᠵᠢ ᠶᠢᠨ ᠵᠠᠷᠯᠢᠭ ᠲᠠᠢ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠲᠠᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠠᠵᠢᠯᠯᠠᠭ᠎ᠠ ᠪᠠ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠵᠤ᠂ ᠲᠤᠶᠢᠯ ᠤᠨ ᠦᠨᠡᠨᠴᠢ ᠰᠢᠳᠤᠷᠭᠤ ︽ᠤᠯᠤᠰ ᠲᠥᠷᠥ ᠶᠢᠨ ᠰᠢᠨ᠎ᠡ ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ︽ᠰᠢᠨ᠎ᠡ ᠵᠠᠮ ᠢᠶᠠᠷ ᠶᠠᠪᠤᠵᠤ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠪᠠᠨ ᠲᠣᠭᠲᠠᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠪᠠᠬᠢᠵᠢᠭᠦᠯᠬᠦ ᠲᠤᠬᠠᠢ ᠠᠷᠭ᠎ᠠ ᠬᠡᠮᠵᠢᠶ᠎ᠡ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠶᠠᠪᠤᠳᠠᠯ ᠢ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ︽ᠶᠡᠷᠦᠩᠬᠡᠢ ᠬᠥᠲᠥᠯᠪᠦᠷᠢ︾ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠶᠠᠪᠤᠳᠠᠯ ᠢᠶᠠᠷ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠦᠭᠰᠡᠨ ︽ᠬᠥᠭᠵᠢᠯᠲᠡ ᠶᠢᠨ ᠰᠢᠨ᠎ᠡ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠲᠤᠰᠢᠶᠠᠬᠤ ᠬᠡᠷᠡᠭᠲᠡᠢ᠃ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠲᠤᠯᠠᠭᠠᠯᠠᠯᠭ᠎ᠠ ᠶᠢᠨ ᠢᠨᠵᠧᠨᠧᠷᠢᠩ᠂ ᠬᠤᠳᠠ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠬᠠᠭᠤᠴᠢᠨ ᠬᠤᠭᠤᠯᠠᠢ ᠲᠣᠣᠷ ᠤᠨ ᠥᠭᠡᠷᠡᠴᠢᠯᠡᠯᠲᠡ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠲᠤᠯᠠᠭᠠᠴᠠ ᠲᠠᠢ ᠪᠥᠭᠡᠳ ᠭᠦᠨᠴᠡ ᠲᠠᠢ ︽ᠠᠷᠠᠳ ᠤᠨ ᠠᠮᠢᠳᠤᠷᠠᠯ ᠤᠨ ᠰᠢᠨ᠎ᠡ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠲᠤᠰᠢᠶᠠᠬᠤ ᠬᠡᠷᠡᠭᠲᠡᠢ᠃ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠢᠮᠠᠭᠲᠠ ᠪᠠᠷᠢᠮᠲᠠᠯᠠᠵᠤ᠂ ᠰᠢᠯᠢᠳᠡᠭ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠪᠣᠯᠣᠨ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠵᠡᠷᠭᠡ ᠠᠷᠬᠠᠭ ᠭᠡᠮ ᠢ ᠬᠦᠴᠦᠯᠡᠨ ᠰᠢᠢᠳᠪᠦᠷᠢᠯᠡᠵᠦ᠂ ᠠᠵᠢᠯ ᠤᠨ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠪᠠᠨ ᠲᠦᠷᠭᠡᠳᠬᠡᠬᠦ︾ ᠶᠢ ᠠᠬᠢᠭᠤᠯᠬᠤ ᠬᠡᠷᠡᠭᠲᠡᠢ᠃ ᠠᠯᠢᠪᠠ ᠠᠰᠢᠭᠲᠠᠢ ᠴᠠᠭ ᠲᠣᠬᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠳᠬᠤᠵᠤ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ  ᠢ ᠪᠠᠷᠢᠮᠲᠠᠯᠠᠨ ᠪᠣᠳᠠᠲᠠᠢ  ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠨ᠎ᠡ ᠵᠢᠯ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ︽ᠰᠤᠷᠲᠠᠯ ᠤᠨ ᠰᠢᠨ᠎ᠡ ᠬᠠᠷᠢᠭᠤᠯᠲᠠ︾ ᠶᠢ ᠴᠢᠷᠮᠠᠶᠢᠨ ᠲᠤᠰᠢᠶᠠᠬᠤ ᠬᠡᠷᠡᠭᠲᠡᠢ ᠭᠡᠵᠦ ᠱᠠᠭᠠᠷᠳᠠᠪᠠ᠃  
2.jpg
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠲᠦᠯᠬᠢᠨ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ  ᠶᠢ ᠪᠦᠬᠦ ᠲᠠᠯ᠎ᠠ  ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ  ᠶᠢᠨ ᠰᠢᠢᠳᠭᠡᠯ ᠥᠭᠬᠦ ᠳᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠨᠳᠦᠰᠦᠨ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠵᠦ᠂ ᠲᠤᠭᠤᠰᠢᠯᠠᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠠᠨ ᠳᠡᠭᠡᠭᠰᠢᠯᠡᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ  ᠳᠠᠭᠠᠨ  ᠰᠢᠩᠭᠡᠭᠡᠬᠦ  ᠶᠢ  ᠲᠦᠯᠬᠢᠨ ᠠᠬᠢᠭᠤᠯᠤᠨ᠎ᠠ᠃ ᠰᠢᠨ᠎ᠡ ︽ᠳᠦᠷᠢᠮ︾ ᠤᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠳᠤ ᠣᠷᠣᠭᠤᠯᠵᠤ ᠂ ᠵᠤᠷᠪᠤᠰ ᠳᠠᠷᠠᠭᠠᠯᠠᠨ ᠰᠤᠷᠤᠯᠴᠠᠬᠤ ᠶᠢ ᠵᠣᠬᠢᠶᠠᠨ ᠪᠠᠶᠢᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂  ᠲᠠᠶᠢᠯᠤᠮᠵᠢ ᠶᠢ ᠴᠢᠩᠭᠠᠳᠬᠠᠵᠤ᠂ ᠰᠤᠷᠤᠯᠭ᠎ᠠ ᠶᠢᠨ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠰᠢᠨ᠎ᠡ ︽ᠳᠦᠷᠢᠮ︾ ᠢ ᠤᠬᠠᠮᠰᠠᠷ ᠠᠴᠠ ᠪᠠᠨ ᠵᠢᠷᠤᠮᠯᠠᠨ ᠲᠤᠭᠤᠰᠢᠯᠠᠭᠤᠯᠤᠨ ᠬᠡᠷᠡᠭᠵᠢᠭᠦᠯᠵᠦ᠂ ᠰᠠᠬᠢᠯᠭ᠎ᠠ ᠪᠠᠲᠤ ᠶᠣᠰᠣ ᠳᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠤᠯᠤᠰ ᠲᠦᠷᠦ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ ᠂ ᠨᠠᠮ ᠤᠨ ᠳᠦᠷᠢᠮ᠂ ᠨᠠᠮ ᠤᠨ ᠡᠯ᠎ᠡ ᠵᠦᠢᠯ ᠤᠨ ᠰᠠᠬᠢᠯᠭ᠎ᠠ ᠪᠠᠲᠤ  ᠪᠠ ᠶᠣᠰᠣ ᠳᠦᠷᠢᠮ  ᠢ ᠤᠬᠠᠮᠰᠠᠷ  ᠠᠴᠠ  ᠪᠠᠨ ᠵᠢᠷᠤᠮᠯᠠᠬᠤ ᠬᠡᠷᠡᠭᠲᠡᠢ᠃ ︽ᠲᠦᠷᠪᠡᠨ ᠬᠡᠯᠪᠡᠷᠢ︾ ᠶᠢ ᠭᠦᠨᠵᠡᠭᠡᠢ ᠬᠡᠷᠡᠭᠯᠡᠵᠦ᠂ ᠦᠨᠡᠨᠬᠦ ᠬᠠᠮᠢᠶᠠᠷᠴᠤ ᠦᠨᠡᠨᠬᠦ ᠴᠢᠩᠭ᠎ᠠ ᠪᠠᠶᠢᠯᠭᠠᠵᠤ᠂ ᠵᠣᠷᠢᠭᠲᠠᠢ ᠪᠠᠷ ᠬᠠᠮᠢᠶᠠᠷᠴᠤ ᠵᠣᠷᠢᠭᠲᠠᠢ ᠪᠠᠷ ᠴᠢᠩᠭ᠎ᠠ ᠪᠠᠶᠢᠯᠭᠠᠵᠤ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠭ᠎ᠠ ᠪᠠᠶᠢᠯᠭᠠᠵᠤ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠭᠤᠤ ᠶᠡᠭᠡ ᠦᠵᠡᠯ ᠰᠠᠨᠠᠭᠠᠨ ᠤ ᠲᠤᠭ ᠢ ᠥᠨᠳᠥᠷ ᠮᠠᠨᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠡᠨᠬᠦ ᠰᠤᠷᠤᠯᠴᠠᠵᠤ ᠦᠨᠡᠨᠬᠦ ᠣᠶᠢᠯᠠᠭᠠᠵᠤ ᠦᠨᠡᠨᠬᠦ ᠢᠲᠡᠭᠡᠵᠦ ᠦᠨᠡᠨᠬᠦ ᠬᠡᠷᠡᠭᠯᠡᠬᠦ᠂ ᠳᠣᠲᠣᠭᠰᠢᠯᠠᠭᠤᠯᠤᠨ ᠬᠤᠪᠢᠷᠠᠭᠤᠯᠬᠤ  ᠶᠢ ᠭᠦᠨᠵᠡᠭᠡᠶᠢᠷᠡᠭᠦᠯᠬᠦ ᠲᠠᠯ᠎ᠠ  ᠪᠠᠷ ᠦᠷᠭᠦᠯᠵᠢᠯᠡᠨ  ᠬᠦᠴᠦᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠵᠢᠷᠦᠬᠡ ᠪᠠᠨ ᠨᠢᠭᠲᠠᠷᠠᠭᠤᠯᠤᠨ ᠰᠦᠭ  ᠰᠦᠨᠡᠰᠦ  ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠰᠢᠨ᠎ᠡ ᠪᠠᠶᠢᠳᠠᠯ ᠢ ᠪᠤᠵᠠᠭᠠᠶᠢᠷᠠᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ  ᠶᠢ  ᠲᠤᠭᠤᠰᠢᠯᠠᠭᠤᠯᠤᠨ  ᠨᠠᠶᠢᠳᠠᠪᠤᠷᠢᠵᠢᠭᠤᠯᠬᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠰᠢᠢᠳᠪᠦᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠶᠢᠨ ᠲᠣᠭᠤᠷᠢᠨ ᠳᠤ᠂ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠠᠭᠤᠨ ᠢ ᠳᠠᠮᠵᠢᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠬᠡᠷᠡᠭᠯᠡᠭᠡ  ᠪᠠᠷ ᠪᠠᠳᠤᠯᠠᠭ᠎ᠠ ᠶᠢ ᠠᠬᠢᠭᠤᠯᠬᠤ᠂ ᠪᠠᠳᠤᠯᠠᠭ᠎ᠠ ᠪᠠ ᠬᠡᠷᠡᠭᠯᠡᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠲᠡᠦᠬᠡ ᠶᠢᠨ ᠪᠠᠷᠢᠯᠭ᠎ᠠ᠂ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠵᠤ ᠡᠭᠦᠳᠦᠨ ᠪᠠᠶᠢᠭᠤᠯᠬᠤ ᠶᠢ ᠰᠠᠶᠢᠲᠤᠷ ᠠᠳᠬᠤᠵᠤ᠂ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠨᠤᠲᠤᠭ ᠤᠨ ᠮᠥᠷᠥᠭᠡᠳᠦᠯ ᠢ ᠦᠯᠡᠳᠡᠭᠡᠬᠦ ᠬᠡᠷᠡᠭᠲᠡᠢ᠃ ᠭᠤᠣᠯ ᠤᠷᠤᠰᠬᠠᠯ ᠤᠨ ᠦᠷᠳᠡᠭ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠮᠢᠳᠤᠷᠠᠯ  ᠤᠨ  ᠬᠤᠭ  ᠨᠣᠪᠰᠢ  ᠶᠢ  ᠲᠦᠷᠦᠯ ᠬᠤᠪᠢᠶᠠᠬᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ  ᠢ  ᠴᠡᠭᠴᠡᠯᠡᠨ  ᠵᠠᠰᠠᠬᠤ  ᠵᠡᠷᠭᠡ ᠠᠵᠢᠯ ᠢᠶᠠᠷ  ᠭᠠᠷᠳᠠᠴᠠ ᠪᠣᠯᠭᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠪᠣᠶᠢᠵᠢᠭᠤᠯᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ  ᠪᠣᠶᠢᠵᠢᠭᠤᠯᠬᠤ  ᠶᠢ  ᠭᠦᠨᠵᠡᠭᠡᠶᠢᠷᠡᠭᠦᠯᠵᠦ᠂ ᠡᠷᠡᠭᠦᠯ  ᠪᠣᠯᠪᠠᠰᠤᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ   ᠠᠴᠠ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠤᠯᠤᠰ  ᠤᠨ ᠦᠮᠴᠢᠯᠡᠯᠳᠦ ᠪᠡᠯᠡ ᠮᠥᠩᠭᠦ  ᠶᠢᠨ ᠪᠡᠯᠡ ᠣᠷᠣᠭᠤᠯᠤᠯᠲᠠ  ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠶᠠᠪᠤᠴᠠ ᠶᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠢᠨᠵᠧᠨᠧᠷᠢᠩ ᠤᠨ ᠵᠣᠭᠤᠰ ᠰᠠᠯᠠᠭᠠᠨ ᠥᠭᠬᠦ ᠳᠠᠭᠠᠭᠠᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠤᠳᠤᠯᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ
Baidu
map