ᠶᠡᠷᠦᠩᠬᠡᠢ ᠳᠠᠭᠠᠭᠠᠴᠢᠯᠠᠬᠤ ᠬᠤᠶᠠᠳᠤᠭᠠᠷ ᠳᠡᠰ ᠤᠨ ᠬᠢᠷᠢ ᠭᠡᠮ  ᠢ ᠦᠷᠭᠦᠯᠵᠢᠯᠡᠭᠦᠯᠬᠦ ᠲᠤᠬᠠᠢ
ᠨᠡᠶᠢᠲᠡᠯᠡᠭᠰᠡᠨ ᠴᠠᠭ᠄
2024/10/11
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠵᠠᠩ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-09-24 04:04:28    ᠵᠠᠬᠢᠳᠠᠯ ᠤᠨ ᠭᠤᠣᠯ ᠰᠡᠳᠦᠪ᠄ ᠶᠡᠷᠦᠩᠬᠡᠢ ᠳᠠᠭᠠᠭᠠᠴᠢᠯᠠᠬᠤ ᠬᠤᠶᠠᠳᠤᠭᠠᠷ ᠳᠡᠰ ᠤᠨ ᠬᠢᠷᠢ ᠭᠡᠮ  ᠢ ᠦᠷᠭᠦᠯᠵᠢᠯᠡᠭᠦᠯᠬᠦ ᠲᠤᠬᠠᠢ       ᠵᠠᠬᠢᠳᠠᠯ ᠤᠨ ᠠᠭᠤᠯᠭ᠎ᠠ᠄ ᠶᠡᠷᠦᠩᠬᠡᠢ ᠳᠠᠭᠠᠭᠠᠴᠢᠯᠠᠬᠤ ᠬᠤᠶᠠᠳᠤᠭᠠᠷ ᠳᠡᠰ ᠤᠨ ᠬᠢᠷᠢ ᠭᠡᠮ  ᠢ ᠦᠷᠭᠦᠯᠵᠢᠯᠡᠭᠦᠯᠬᠦ ᠭᠡᠪᠡᠯ ᠂ ᠬᠥᠮᠥᠰ ᠤᠨ ᠨᠡᠶᠢᠭᠡᠮ ᠤᠨ ᠪᠠᠲᠤᠯᠠᠭ᠎ᠠ ᠶᠢ ᠬᠢᠨᠠᠨ ᠰᠢᠯᠭᠠᠬᠤ ᠤᠤ︖ ᠮᠡᠷᠭᠡᠵᠢᠯ ᠤᠨ ᠬᠠᠷᠢᠭᠤᠴᠠᠯᠭᠠᠲᠠᠨ ᠤ ᠲᠤᠬᠠᠢ ᠨᠢᠳᠦᠨᠦᠨ ᠲᠠᠢ ᠠᠳᠠᠯᠢᠬᠠᠨ ᠢᠶᠠᠷ ᠲᠦᠷᠦᠭᠦᠦ ᠤᠳᠠᠭ᠎ᠠ ᠪᠠᠲᠤᠯᠠᠭ᠎ᠠ ᠲᠤᠰᠢᠶᠠᠬᠤ ᠶᠢ ᠱᠠᠭᠠᠷᠳᠠᠨ᠎ᠠ ᠤᠤ︖     ᠬᠠᠷᠢᠭᠤᠯᠤᠭᠰᠠᠨ ᠴᠠᠭ᠄2024-09-29 16:13:22ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠬᠤᠶᠠᠳᠤᠭᠠᠷ ᠳᠡᠰ ᠤᠨ ᠪᠠᠶᠢᠭᠤᠯᠤᠭᠴᠢ ᠶᠢᠨ ᠳᠠᠩᠰᠠᠯᠠᠬᠤ ᠲᠤᠬᠠᠢ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠠᠵᠤ ᠠᠬᠤᠶᠢᠯᠠᠯ ᠨᠢ ᠨᠢᠭᠡᠨᠲᠡ ᠶᠡᠷᠦᠩᠬᠡᠶ ᠳᠠᠭᠠᠭᠠᠴᠢᠯᠠᠬᠤ ᠬᠤᠶᠠᠳᠤᠭᠠᠷ ᠳᠡᠰ ᠤᠨ ᠬᠢᠷᠢ ᠬᠡᠮ ᠢ ᠪᠦᠷᠢᠯᠳᠦᠭᠦᠯᠪᠡᠯ᠂ ᠬᠢᠷᠢ ᠬᠡᠮ ᠢ ᠦᠷᠭᠦᠯᠵᠢᠯᠡᠭᠦᠯᠬᠦ ᠶᠢ ᠭᠦᠢᠴᠡᠳᠬᠡᠬᠦ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠵᠣᠬᠢᠴᠠᠩᠭᠤᠶ ᠬᠢᠷᠢ ᠬᠡᠮ ᠤᠨ ᠪᠠᠷᠢᠮᠵᠢᠶ᠎ᠠ ᠲᠠᠢ ᠬᠠᠷᠢᠴᠠᠭᠤᠯᠤᠨ ᠳᠠᠩᠰᠠᠯᠠᠭᠤᠯᠤᠭᠴᠢ ᠵᠡᠷᠭᠡ ᠮᠠᠲ᠋ᠧᠷᠢᠶᠠᠯ ᠢ ᠲᠤᠰᠢᠶᠠᠬᠤ ᠬᠡᠷᠡᠭᠲᠡᠶ᠃ ᠠᠵᠤ ᠠᠬᠤᠶᠢᠯᠠᠯ ᠲᠦᠷ ᠴᠠᠭ ᠤᠨ ᠦᠨᠡᠮᠯᠡᠯ ᠢᠶᠠᠨ ᠦᠷᠭᠦᠯᠵᠢᠯᠡᠭᠦᠯᠬᠦ ᠶᠢ ᠭᠦᠢᠴᠡᠳᠬᠡᠬᠦ ᠭᠡᠪᠡᠯ᠂ ᠮᠠᠨ ᠤ ᠲᠢᠩᠬᠢᠮ ᠤᠨ ᠣᠯᠠᠨ ᠨᠡᠶᠢᠲᠡ ᠶᠢᠨ ᠸᠢᠴᠠᠲ ᠲᠠᠪᠴᠠᠩ ︽ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ︾ ᠶᠢᠨ ᠨᠡᠶᠢᠲᠡᠯᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠥᠪᠯᠡᠯᠭᠡ ᠥᠭᠬᠦ ᠦᠢᠯᠡᠴᠢᠯᠡᠭᠡᠨ ᠤ 2024 ᠣᠨ ᠤ ᠨᠠᠢᠮᠠᠳᠤᠭᠠᠷ ᠬᠤᠭᠤᠴᠠᠭᠠᠨ ᠤ ᠬᠠᠷᠢᠭᠤᠯᠲᠠ ᠥᠭᠬᠦ ᠠᠭᠤᠯᠭ᠎ᠠ ᠪᠠᠷ ᠯᠠᠪᠯᠠᠯᠲᠠ ᠪᠣᠯᠭᠠᠨ ᠰᠢᠢᠳᠪᠦᠷᠢᠯᠡᠵᠦ ᠪᠣᠯᠤᠨ᠎ᠠ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024 ᠣᠨ  ᠤ 9 ᠳ᠋ᠦ᠋ᠭᠡᠷ ᠰᠠᠷ᠎ᠠ  ᠶᠢᠨ29 ᠤ ᠡᠳᠦᠷ  
ᠢᠷᠡᠯᠲᠡ᠄ ​ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢ᠊
Baidu
map