ᠰᠢ ᠶᠢᠨ ᠫᠢᠩ ᠬᠦ᠋ ᠸᠧᠨ ᠴᠠᠩ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠄ ᠨᠢᠭᠡ ᠭᠠᠵᠠᠷ ᠲᠤ ︽ᠨᠤᠶᠠᠨ︾ ᠰᠠᠭᠤᠪᠠᠯ᠂ ᠨᠢᠭᠡ ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ
ᠨᠡᠶᠢᠲᠡᠯᠡᠭᠰᠡᠨ ᠴᠠᠭ᠄
2024/10/16
  ᠰᠢ ᠶᠢᠨ ᠫᠢᠩ᠄ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠬᠦᠳᠡᠭᠡ ᠲᠤᠰᠬᠤᠨ ᠯᠠᠪᠳᠠᠢ ᠨᠡᠩ ᠭᠡᠭᠡᠨ ᠰᠠᠷᠠᠭᠤᠯ ᠢᠷᠡᠭᠡᠳᠦᠢ ᠲᠠᠢ ᠪᠤᠯᠵᠤ᠂ ᠲᠠᠷᠢᠶᠠᠴᠢᠳ ᠨᠡᠩ ᠬᠥᠭᠵᠢᠶᠡᠨᠲᠡᠢ ᠠᠮᠢᠳᠤᠷᠠᠬᠤ ᠪᠤᠯᠤᠨ᠎ᠠ
6.jpg
  15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠹᠦᠵᠢᠶᠠᠨ ᠤ ᠵᠠᠩᠵᠸᠤ ᠬᠤᠲᠠ ᠶᠢᠨ ᠳ᠋ᠦᠩ ᠱᠠᠨ ᠰᠢᠶᠠᠨ ᠤ ᠴᠧᠨ ᠴᠧᠩ ᠪᠠᠯᠭᠠᠰᠤᠨ ᠤ ᠤᠤ ᠵᠢᠶᠣᠣ ᠲᠣᠰᠬᠤᠨ ᠳᠤ ᠬᠦᠷᠴᠦ ᠰᠢᠨᠵᠢᠯᠡᠨ ᠪᠠᠶᠢᠴᠠᠭᠠᠵᠤ᠂ ᠲᠣᠰᠬᠤᠨ ᠤ ᠭᠠᠷᠠᠮ ᠳᠤ ᠳᠠᠯᠠᠢ ᠶᠢᠨ ᠢᠳᠡᠭᠡᠨ ᠤ ᠬᠠᠲᠠᠭᠠᠮᠠᠯ ᠪᠣᠯᠤᠨ ᠵᠢᠭᠠᠰᠤᠨ ᠤ ᠭᠠᠷᠤᠯᠲᠠ ᠶᠢ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠭ᠎ᠠ ᠪᠠᠶᠢᠳᠠᠯ ᠢ ᠣᠶᠢᠯᠠᠭᠠᠪᠠ᠃ 2001 ᠣᠨ ᠳᠤ᠂ ᠹᠦᠵᠢᠶᠠᠨ ᠮᠤᠵᠢ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠤ ᠪᠠᠨ ᠲᠡᠷᠡ ᠠᠳᠡ ᠢᠷᠡᠵᠦ ᠥᠩᠭᠡᠷᠡᠭᠰᠡᠨ ᠶᠤᠮ᠃ 23 ᠵᠢᠯ ᠤᠨ ᠳᠠᠷᠠᠭ᠎ᠠ᠂ ᠬᠥᠳᠡᠭᠡ ᠲᠣᠰᠬᠤᠨ ᠳᠤ ᠯᠤᠲᠤ ᠶᠡᠭᠡ ᠬᠤᠪᠢᠷᠠᠯᠲᠠ ᠭᠠᠷᠤᠭᠰᠠᠨ ᠢ ᠦᠵᠡᠭᠡᠳ᠂ ᠰᠢ ᠶᠢᠨ ᠫᠢᠩ ᠶᠡᠬᠡᠳᠡ ᠪᠠᠶᠠᠷᠯᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠳᠠᠪᠠᠭᠤᠯᠢᠭ ᠢᠶᠠᠨ ᠪᠠᠳᠠᠷᠠᠭᠤᠯᠵᠤ᠂ ︽ᠳᠠᠯᠠᠢ︾ ᠳᠤ ᠲᠦᠰᠢᠭᠯᠡᠬᠦ ᠡᠨᠡ ᠬᠦ ᠠᠵᠢᠯ ᠢ ᠰᠠᠶᠢᠲᠤᠷ ᠬᠢᠬᠦ ᠬᠡᠷᠡᠭᠲᠡᠢ ᠃ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠬᠥᠳᠡᠭᠡ ᠲᠣᠰᠬᠤᠨ ᠯᠠᠪᠲᠠᠢ ᠨᠡᠩ ᠭᠡᠭᠡᠨ ᠰᠠᠷᠠᠭᠤᠯ ᠢᠷᠡᠭᠡᠳᠦᠢ ᠲᠠᠢ ᠪᠤᠯᠵᠤ᠂ ᠲᠠᠷᠢᠶᠠᠴᠢᠳ ᠨᠡᠩ ᠬᠥᠭᠵᠢᠶᠡᠨᠲᠡᠢ ᠠᠮᠢᠳᠤᠷᠠᠬᠤ ᠪᠣᠯᠤᠨ᠎ᠠ᠃ ᠲᠠ ᠨᠠᠷ ᠤᠨ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠬᠤ ᠶᠢ ᠵᠥᠩᠨᠡᠶ᠎ᠡ ᠭᠡᠵᠦ ᠰᠡᠳᠬᠢᠯ ᠳᠣᠭᠳᠣᠯᠤᠨ ᠬᠡᠯᠡᠪᠡ᠃  ᠰᠢ ᠶᠢᠨ ᠫᠢᠩ ᠬᠦ᠋ ᠸᠧᠨ ᠴᠠᠩ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠄ ᠨᠢᠭᠡ ᠭᠠᠵᠠᠷ ᠲᠤ ︽ᠨᠤᠶᠠᠨ︾ ᠰᠠᠭᠤᠪᠠᠯ᠂ ᠨᠢᠭᠡ ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ  15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠹᠦᠵᠢᠶᠠᠨ ᠤ ᠵᠠᠩᠵᠸᠤ ᠬᠤᠲᠠ ᠶᠢᠨ ᠳ᠋ᠦᠩ ᠱᠠᠨ ᠰᠢᠶᠠᠨ ᠤ ᠬᠥ᠋ ᠸᠧᠨ ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠬᠥ᠋ ᠸᠧᠨ ᠴᠠᠩ ᠨᠥᠬᠦᠷ ᠤᠨ ᠰᠡᠳᠬᠢᠯ ᠳᠣᠭᠳᠣᠯᠤᠭᠤᠯᠤᠮ᠎ᠠ ᠦᠢᠯᠡ ᠬᠡᠷᠡᠭ ᠤᠳ ᠢ ᠣᠶᠢᠯᠠᠭᠠᠵᠤ᠂ ᠬᠥ᠋ ᠸᠧᠨ ᠴᠠᠩ ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠭᠦ᠋ ᠸᠧᠨ ᠴᠠᠩ ᠨᠥᠬᠦᠷ ᠹᠦᠵᠢᠶᠠᠨ ᠳᠤ ᠠᠯᠳᠠᠷ ᠴᠤᠤ ᠲᠠᠢ ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠰᠠᠨ ᠪᠠᠶᠢᠨ᠎ᠠ᠂ ᠲᠡᠷᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠭ ᠲᠦᠮᠡᠨ ᠰᠢᠯᠢᠳᠡᠭ ᠤᠳᠤᠷᠢᠳᠬᠤ ᠺᠠᠳ᠋ᠷ ᠤᠨ ᠨᠢᠭᠡᠨ ᠲᠥᠯᠥᠭᠡᠯᠡᠭᠴᠢ ᠪᠣᠯᠤᠨ᠎ᠠ᠃ ᠪᠢᠳᠡ ᠲᠡᠭᠦᠨ ᠤ ᠦᠢᠯᠡ ᠠᠵᠢᠯᠯᠠᠭ᠎ᠠ ᠠᠴᠠ ᠰᠣᠷᠣᠯᠴᠠᠬᠤ ᠳᠤ ᠪᠠᠨ ᠂ ᠥᠨᠳᠥᠷ ᠥᠭᠡᠳᠡ ᠮᠡᠷᠡᠶᠢᠬᠦ ᠪᠠᠷ ᠪᠠᠷᠠᠬᠤ ᠦᠭᠡᠢ ᠂ ᠪᠠᠰᠠ ᠮᠡᠷᠭᠡᠳ ᠠᠴᠠ  ᠲᠠᠭᠠᠨ ᠰᠤᠷᠤᠯᠴᠠᠵᠤ ᠂ ᠲᠡᠭᠦᠨ ᠲᠠᠢ ᠠᠳᠠᠯᠢ ᠪᠠᠷ ᠬᠥᠮᠦᠨ ᠪᠤᠯᠵᠤ᠂ ᠵᠠᠰᠠᠭ ᠪᠠᠷᠢᠵᠤ᠂ ︽ ᠨᠢᠭᠡ ᠭᠠᠵᠠᠷ ᠲᠤ ︿ᠨᠤᠶᠠᠨ﹀ ᠰᠠᠭᠤᠪᠠᠯ᠂ ᠨᠢᠭᠡ ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ ︾᠂ ᠭᠠᠭᠴᠠ ᠡᠨᠡ ᠵᠠᠮ ᠢᠶᠠᠷ ᠵᠠᠮᠨᠠᠬᠤ  ᠨᠢ ᠰᠠᠶ᠋ᠢ ᠬᠥᠮᠦᠨ ᠤ ᠶᠢᠷᠲᠢᠨᠴᠦ ᠶᠢᠨ ᠲᠥᠪ ᠶᠣᠰᠣ ᠶᠤᠮ ᠭᠡᠵᠡᠢ ᠃
7.jpg 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map