ᠰᠢ ᠶᠢᠨ ᠫᠢᠩ ᠪᠣᠯᠣᠨ ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ ᠳᠤᠮᠳᠠᠳᠤ ᠮᠣᠩᠭᠤᠯ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ ᠯᠢ ᠴᠢᠶᠠᠩ ᠪᠣᠯᠣᠨ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ
ᠨᠡᠶᠢᠲᠡᠯᠡᠭᠰᠡᠨ ᠴᠠᠭ᠄
2024/10/17
      ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 16 ᠤ ᠴᠠᠭᠢᠯᠭᠠᠨ ᠮᠡᠳᠡᠭᠡ 10 ᠰᠠᠷ᠎ᠠ ᠶᠢᠨ 16 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠪᠡᠯᠭᠡᠯᠡᠪᠡ᠃  ᠰᠢ ᠶᠢᠨ ᠫᠢᠩ᠂ ᠳᠤᠮᠳᠠᠳᠤ ᠮᠣᠩᠭᠤᠯ ᠬᠠᠷᠢᠯᠴᠠᠨ ᠴᠢᠬᠤᠯᠠ ᠬᠥᠷᠰᠢ ᠤᠯᠤᠰ ᠪᠣᠯᠣᠨ᠎ᠠ᠂ ᠮᠣᠩᠭᠤᠯ ᠤᠯᠤᠰ ᠪᠣᠯ ᠬᠠᠮᠤᠭ ᠤᠨ ᠡᠷᠲᠡ ᠰᠢᠨ᠎ᠡ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠤᠯᠤᠰ ᠤᠨ ᠨᠢᠭᠡ ᠪᠣᠯᠣᠨ᠎ᠠ᠃ ᠬᠤᠶᠠᠷ ᠤᠯᠤᠰ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭᠠᠨ ᠤ ᠶᠡᠭᠡ ᠴᠢᠭᠯᠡᠯ ᠢ ᠢᠮᠠᠭᠲᠠ ᠪᠠᠷᠢᠮᠲᠠᠯᠠᠵᠤ᠂ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠪᠤᠶᠠᠨ ᠦᠢᠯᠡᠳᠴᠡᠢ᠃ ᠪᠢ ᠳᠤᠮᠳᠠᠳᠤ ᠮᠣᠩᠭᠤᠯ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠵᠢᠯᠣᠭᠤᠳᠤᠮᠵᠢ ᠪᠤᠯᠭᠠᠵᠤ᠂ ᠳᠤᠮᠳᠠᠳᠤ ᠮᠣᠩᠭᠤᠯ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃  ᠬᠦᠷᠡᠯᠰᠦ᠋ᠬᠡ᠂ ᠮᠣᠩᠭᠤᠯ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠨᠥᠬᠦᠷᠯᠡᠯ ᠢᠶᠠᠨ ᠲᠣᠭᠲᠠᠭᠤᠨ ᠢᠶᠠᠷ ᠬᠥᠭᠵᠢᠭᠦᠯᠵᠦ᠂ ᠢᠲᠡᠭᠡᠯᠴᠡᠭᠡ ᠪᠠᠨ ᠦᠷᠭᠦᠯᠵᠢᠯᠡᠨ ᠪᠠᠬᠢᠵᠢᠭᠦᠯᠵᠦ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠪᠠ᠃ ᠪᠢ ᠳᠤᠷᠠᠲᠠᠶ᠎ᠠ ᠲᠡᠷᠢᠭᠦᠯᠡᠭᠴᠢ ᠠᠪᠤᠭᠠᠢ ᠲᠠᠢ ᠬᠠᠮᠲᠤ ᠪᠠᠷ᠂ ︽ᠲᠠᠯ᠎ᠠ ᠶᠢᠨ ᠵᠠᠮ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠲᠠᠢ ᠵᠣᠯᠭᠠᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ ᠭᠡᠵᠦ ᠢᠯᠡᠳᠬᠡᠪᠡ᠃  ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠮᠣᠩᠭᠤᠯ ᠤᠯᠤᠰ ᠯᠤᠭ᠎ᠠ ᠬᠠᠮᠲᠤ ᠪᠠᠷ᠂ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠬᠤᠶᠠᠷ ᠤᠯᠤᠰ ᠤᠨ ᠣᠳᠣᠬᠢᠴᠢᠯᠠᠯᠲᠠ ᠶᠢᠨ ᠵᠠᠮ ᠳᠡᠭᠡᠷ᠎ᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠠᠬᠢᠭᠤᠯᠤᠨ᠎ᠠ ᠭᠡᠵᠦ ᠢᠯᠡᠳᠬᠡᠪᠡ᠃  ᠣᠶᠤᠨ᠋ᠡᠷᠳᠡᠨᠢ᠂ ᠳᠤᠷᠠᠲᠠᠶ᠎ᠠ ᠮᠣᠩᠭᠤᠯ ᠳᠤᠮᠳᠠᠳᠤ ᠶᠢᠨ ᠤᠯᠠᠮᠵᠢᠯᠠᠯᠲᠤ ᠨᠥᠭᠦᠷᠰᠡᠭ ᠬᠠᠷᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠭᠡᠭᠡᠨ ᠰᠠᠷᠠᠭᠤᠯ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠭᠡᠵᠦ ᠢᠯᠡᠳᠬᠡᠪᠡ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map