ᠰᠢ ᠶᠢᠨ ᠫᠢᠩ ᠯᠢᠦ ᡂᠢ ᠭᠤᠳᠤᠮᠵᠢ ᠪᠠᠷ ᠲᠤᠭᠤᠷᠢᠨ ᠦᠵᠡᠪᠡ᠄ ᠤᠯᠠᠮᠵᠢᠯᠠᠯᠲᠤ ᠰᠠᠶᠢᠬᠠᠨ ᠵᠠᠩ ᠰᠤᠷᠲᠠᠯ ᠢᠶᠠᠨ ᠰᠠᠶᠢᠲᠤᠷ ᠪᠠᠳᠠᠷᠠᠭᠤᠯᠵᠤ ᠮᠠᠨ ᠤ ᠨᠡᠶᠢᠭᠡᠮ ᠢᠶᠠᠨ ᠨᠡᠩ ᠡᠶ᠎ᠡ ᠵᠣᠬᠢᠴᠠᠯ ᠲᠠᠢ ᠪᠤᠯᠭᠠᠨ᠎ᠠ
ᠨᠡᠶᠢᠲᠡᠯᠡᠭᠰᠡᠨ ᠴᠠᠭ᠄
2024/10/18
ᠰᠢ  ᠶᠢᠨ ᠫᠢᠩ ᠯᠢᠦ ᡂᠢ ᠭᠤᠳᠤᠮᠵᠢ ᠪᠠᠷ ᠲᠤᠭᠤᠷᠢᠨ ᠦᠵᠡᠪᠡ᠄ ᠤᠯᠠᠮᠵᠢᠯᠠᠯᠲᠤ ᠰᠠᠶᠢᠬᠠᠨ ᠵᠠᠩ ᠰᠤᠷᠲᠠᠯ ᠢᠶᠠᠨ ᠰᠠᠶᠢᠲᠤᠷ ᠪᠠᠳᠠᠷᠠᠭᠤᠯᠵᠤ ᠮᠠᠨ ᠤ ᠨᠡᠶᠢᠭᠡᠮ ᠢᠶᠠᠨ ᠨᠡᠩ ᠡᠶ᠎ᠡ ᠵᠣᠬᠢᠴᠠᠯ ᠲᠠᠢ ᠪᠤᠯᠭᠠᠨ᠎ᠠ    17 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠠᠨᠾᠦ᠋ᠢ ᠮᠤᠵᠢ ᠶᠢᠨ ᠲᠦᠩᠴᠧᠩ ᠬᠤᠲᠠ ᠶᠢᠨ ᠯᠢᠦ ᡂᠢ ᠭᠤᠳᠤᠮᠵᠢ ᠳᠤ ᠬᠦᠷᠴᠦ᠂ ᠵᠠᠩ ᠡᠦ ᠶᠢᠨ ᠨᠠᠶᠢᠷ ᠲᠠᠯᠪᠢᠭᠰᠠᠨ ᠰᠣᠩᠭᠤᠳᠠᠭ ᠦᠯᠢᠭᠡᠷ ᠢ ᠳᠠᠬᠢᠨᠲᠠ ᠳᠤᠷᠠᠰᠤᠨ ᠰᠣᠨᠢᠷᠬᠠᠵᠤ᠂ ᠲᠦᠩᠴᠧᠩ ᠤᠨ ᠲᠡᠦᠬᠡ ᠰᠣᠶᠣᠯ ᠤᠨ ᠦᠵᠡᠭᠦᠯᠭᠡ ᠶᠢ ᠪᠠᠶᠢᠴᠠᠭᠠᠨ ᠦᠵᠡᠪᠡ᠃ ᠰᠢ ᠶᠢᠨ ᠫᠢᠩ ᠂ ᠠᠳᠡ ᠢᠷᠡᠵᠦ ᠦᠵᠡᠭᠡᠳ ᠰᠡᠳᠭᠢᠭᠳᠡᠯ ᠲᠥᠷᠥᠭᠳᠡᠯ ᠢᠶᠠᠷ ᠶᠡᠭᠡ ᠪᠠᠶᠢᠨ᠎ᠠ᠃ ᠯᠢᠦ ᡂᠢ ᠭᠤᠳᠤᠮᠵᠢ ᠨᠢ ᠳᠤᠮᠳᠠᠳᠤ ᠤᠯᠤᠰ ᠤᠨ ᠡᠷᠲᠡᠨ ᠤ ᠬᠥᠮᠦᠰ ᠤᠨ ᠲᠡᠦᠬᠡ ᠤᠶᠤᠨ ᠤᠬᠠᠭᠠᠨ ᠢ ᠠᠴᠢᠶᠠᠯᠠᠵᠤ ᠪᠤᠢ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠰᠠᠶᠢᠲᠤᠷ ᠪᠠᠳᠠᠷᠠᠭᠤᠯᠤᠨ᠂ ᠬᠠᠷᠢᠯᠴᠠᠨ ᠨᠠᠶᠢᠷ ᠲᠠᠯ᠎ᠠ ᠲᠠᠢ᠂ ᠡᠶ᠎ᠡ ᠡᠪᠲᠡᠢ ᠪᠠᠶᠢᠬᠤ ᠶᠢ ᠡᠷᠬᠢᠮᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠤᠳ ᠢ ᠰᠠᠶᠢᠲᠤᠷ ᠰᠢᠢᠳᠪᠦᠷᠢᠯᠡᠵᠦ᠂ ᠨᠡᠶᠢᠭᠡᠮ ᠤᠨ ᠵᠥᠷᠢᠴᠡᠯ ᠢ ᠰᠠᠶᠢᠲᠤᠷ ᠠᠷᠢᠯᠭᠠᠨ᠂ ᠮᠠᠨ ᠤ ᠨᠡᠶᠢᠭᠡᠮ ᠢᠶᠠᠨ ᠨᠡᠩ ᠡᠶ᠎ᠡ ᠵᠣᠬᠢᠴᠠᠯ ᠲᠠᠢ ᠪᠣᠯᠭᠠᠬᠤ ᠬᠡᠷᠡᠭᠲᠡᠢ ᠭᠡᠵᠡᠢ᠃  
ᠰᠢ ᠶᠢᠨ ᠫᠢᠩ ᠄ ᠳᠣᠮᠳᠠᠳᠣ ᠣᠯᠣᠰ ᠤᠨ ᠮᠠᠶ᠋ᠢᠭ ᠤᠨ ᠤᠳᠤᠬᠢᠴᠢᠯᠠᠯᠲᠠ ᠶᠢ ᠠᠭᠢᠭᠤᠯᠬᠤ ᠳᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠢᠶᠠᠷ ᠬᠤᠰᠢᠭᠤᠴᠢᠯᠠᠭᠤᠯᠤᠨ᠎ᠠ    17 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠠᠨᠾᠦ᠋ᠢ ᠮᠤᠵᠢ ᠶᠢᠨ ᠾᠧᠹᠸᠢ ᠶᠢᠨ ᠪᠢᠨ ᠬᠤ᠋ ᠰᠢᠨᠵᠢᠯᠡᠬᠦ ᠤᠬᠠᠭᠠᠨ ᠤ ᠬᠤᠲᠠ ᠳᠤ ᠬᠦᠷᠴᠦ᠂ ᠣᠶᠢᠷ᠎ᠠ ᠶᠢᠨ ᠵᠢᠯ ᠤᠳ ᠤᠨ ᠲᠤᠷᠰᠢᠬᠢ ᠠᠨᠾᠦ᠋ᠢ ᠮᠤᠵᠢ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ ᠲᠥᠪᠯᠡᠷᠡᠭᠰᠡᠨ ᠦᠵᠡᠭᠦᠯᠭᠡ ᠶᠢ ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠤᠷ ᠲᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠬᠢᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠠᠢ ᠲᠤᠳᠤᠨᠤᠰᠤᠭ ᠢᠶᠠᠷ ᠶᠠᠷᠢᠯᠴᠠᠪᠠ᠃ ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠢᠶᠠᠷ ᠬᠤᠰᠢᠭᠤᠴᠢᠯᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯ ᠵᠠᠶᠢᠯᠠᠰᠢ ᠦᠭᠡᠢ ᠵᠠᠮᠨᠠᠬᠤ ᠵᠠᠮ ᠮᠥᠨ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠳ ᠢ ᠮᠠᠰᠢ ᠡᠷᠬᠢᠮᠯᠡᠵᠦ ᠬᠠᠶᠢᠷᠠᠯᠠᠳᠠᠭ᠃ ᠬᠥᠮᠦᠨ ᠤ ᠠᠮᠢᠳᠤᠷᠠᠯ ᠳᠤ ᠬᠡᠳᠦ ᠤᠳᠠᠭ᠎ᠠ ᠶᠢᠨ ᠲᠡᠮᠡᠴᠡᠬᠦ ᠳᠣᠬᠢᠶᠠᠯ ᠪᠠᠶᠢᠬᠤ ᠪᠣᠢ᠂ ᠤᠯᠠᠨ ᠢᠶᠠᠷ ᠢᠶᠠᠨ ᠥᠴᠥᠬᠡᠨ ᠴᠤ ᠡᠷᠡᠭᠡᠯᠵᠡᠯ ᠦᠭᠡᠢ ᠪᠠᠷ ᠤᠷᠤᠭᠰᠢ ᠲᠡᠮᠡᠦᠯᠦᠨ ᠦᠷᠭᠦᠯᠵᠢᠯᠡᠨ ᠲᠡᠮᠡᠴᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢᠨ ᠲᠤᠯᠠᠳᠠ ᠤᠶᠤᠨ ᠤᠬᠠᠭᠠᠨ ᠠᠪᠢᠶᠠᠰ ᠴᠢᠳᠠᠪᠤᠷᠢ ᠪᠠᠨ ᠡᠷᠭᠦᠬᠦ ᠬᠡᠷᠡᠭᠲᠡᠶ ᠭᠡᠵᠡᠢ᠃     ᠰᠤᠷᠪᠤᠯᠵᠢᠯᠠᠭᠴᠢ᠄ ᠳ᠋ᠦ᠋ ᠱᠠᠩ ᠽᠧ ᠰᠡᠭᠦᠳᠡᠷᠯᠡᠭᠴᠢ᠄ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠢᠶᠧ ᠬᠤᠸᠠᠨ ᡂᠢ ᠶᠠᠨ ᠶᠠᠨ ᠱᠧᠨ ᠬᠤᠩ
 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map