ᠬᠤᠯᠪᠣᠭᠠᠨ ᠤ ᠬᠤᠶᠠᠳᠤᠭᠠᠷ ᠳᠡᠰ ᠤᠨ ᠬᠢᠷᠢ ᠭᠡᠮ ᠢ ᠨᠢᠭᠡ ᠵᠢᠯ ᠠᠴᠠ ᠲᠠᠪᠤᠨ ᠵᠢᠯ ᠢᠶᠠᠷ ᠦᠷᠭᠦᠯᠵᠢᠯᠡᠨ᠎ᠡ
ᠨᠡᠶᠢᠲᠡᠯᠡᠭᠰᠡᠨ ᠴᠠᠭ᠄
2024/10/21
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠸᠠᠩ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-09-25 19:47:02    ᠵᠠᠬᠢᠳᠠᠯ ᠤᠨ ᠭᠤᠣᠯ ᠰᠡᠳᠦᠪ᠄ ᠬᠤᠯᠪᠣᠭᠠᠨ ᠤ ᠬᠤᠶᠠᠳᠤᠭᠠᠷ ᠳᠡᠰ ᠤᠨ ᠬᠢᠷᠢ ᠭᠡᠮ ᠢ ᠨᠢᠭᠡ ᠵᠢᠯ ᠠᠴᠠ ᠲᠠᠪᠤᠨ ᠵᠢᠯ ᠢᠶᠠᠷ ᠦᠷᠭᠦᠯᠵᠢᠯᠡᠨ᠎ᠡ    ᠵᠠᠬᠢᠳᠠᠯ ᠤᠨ ᠠᠭᠤᠯᠭ᠎ᠠ᠄ ᠮᠠᠨ ᠤ ᠨᠢᠭᠡᠴᠢ ᠶᠢᠨ ᠬᠤᠯᠪᠣᠭᠠᠨ ᠤ ᠶᠡᠷᠦᠩᠬᠡᠢ ᠳᠠᠭᠠᠭᠠᠴᠢᠯᠠᠬᠤ ᠬᠤᠶᠠᠳᠤᠭᠠᠷ ᠳᠡᠰ ᠤᠨ ᠬᠢᠷᠢ ᠬᠡᠮ ᠤᠨ ᠨᠢᠭᠡ ᠵᠢᠯ ᠤᠨ ᠲᠦᠷ ᠴᠠᠭ ᠤᠨ ᠦᠨᠡᠮᠯᠡᠯ ᠢᠶᠠᠨ ᠲᠠᠪᠤᠨ ᠵᠢᠯ ᠢᠶᠠᠷ ᠦᠷᠭᠦᠯᠵᠢᠯᠡᠬᠦ ᠪᠠᠷ ᠪᠡᠯᠡᠳᠬᠡᠵᠦ ᠪᠠᠶᠢᠨ᠎ᠠ᠂ ᠬᠤᠯᠪᠣᠭᠠᠨ ᠤ ᠪᠠᠶᠢᠭᠤᠯᠤᠭᠴᠢ ᠱᠠᠭᠠᠷᠳᠠᠨ᠎ᠠ ᠦᠦ︖     ᠬᠠᠷᠢᠭᠤᠯᠤᠭᠰᠠᠨ ᠴᠠᠭ᠄2024-09-30 10:48:08    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠬᠤᠯᠪᠣᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠶᠡᠷᠦᠩᠬᠡᠶᠢᠯᠡᠨ ᠳᠠᠭᠠᠭᠠᠴᠢᠯᠠᠬᠤ ᠬᠤᠶᠠᠳᠤᠭᠠᠷ ᠳᠡᠰ ᠤᠨ ᠬᠢᠷᠢ ᠬᠡᠮ ᠢ ᠬᠤᠶᠢᠰᠢᠯᠠᠭᠤᠯᠬᠤ ᠤᠴᠢᠷ ᠶᠠᠪᠤᠳᠠᠯ ᠢ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ ᠶᠢᠨ ᠬᠡᠰᠡᠭ ᠭᠦᠢᠴᠡᠳᠬᠡᠯ ᠲᠤᠭ᠎ᠠ ᠶᠢ ᠳᠥᠭᠦᠮᠴᠢᠯᠡᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠠᠶᠢᠭᠤᠯᠤᠯᠲᠠ ᠵᠠᠬ᠎ᠠ ﹇2016﹈ 226 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠬᠤᠯᠪᠣᠭᠠᠨ ᠤ ᠢᠨᠵᠧᠨᠧᠷᠢᠩ ᠤᠨ ᠠᠵᠢᠯ ᠤᠨ ᠶᠡᠷᠦᠩᠬᠡᠶ ᠳᠠᠭᠠᠭᠠᠴᠢᠯᠠᠯᠲᠠ ᠶᠢᠨ ᠭᠤᠷᠪᠠᠳᠤᠭᠠᠷ ᠳᠡᠰ ᠤᠨ ᠬᠢᠷᠢ ᠬᠡᠮ ᠤᠨ ᠪᠠᠷᠢᠮᠵᠢᠶ᠎ᠠ ᠶᠢᠨ ᠳᠣᠲᠣᠷᠠᠬᠢ ᠳᠠᠩᠰᠠᠯᠠᠭᠤᠯᠬᠤ ᠭᠦᠢᠴᠡᠳᠬᠡᠯ ᠲᠤᠭ᠎ᠠ ᠶᠢᠨ ᠲᠤᠬᠠᠶ ᠬᠢᠨᠠᠨ ᠰᠢᠯᠭᠠᠬᠤ︾ ᠶᠢ ᠬᠦᠴᠦᠨ ᠥᠬᠡᠶ ᠪᠣᠯᠭᠠᠨ᠎ᠠ᠃ ᠬᠤᠯᠪᠣᠭᠠᠨ ᠤ ᠢᠨᠵᠧᠨᠧᠷᠢᠩ ᠤᠨ ᠶᠡᠷᠦᠩᠬᠡᠢ ᠳᠠᠭᠠᠭᠠᠴᠢᠯᠠᠬᠤ ᠬᠤᠶᠠᠳᠤᠭᠠᠷ ᠳᠡᠰ ᠤᠨ ᠬᠢᠷᠢ ᠴᠢᠳᠠᠮᠵᠢ ᠶᠢ ᠬᠤᠶᠢᠰᠢᠯᠠᠭᠤᠯᠬᠤ ᠳᠤ ᠬᠤᠯᠪᠣᠭᠠᠨ ᠤ ᠢᠨᠵᠧᠨᠧᠷᠢᠩ ᠤᠨ ᠲᠤᠰᠭᠠᠢ ᠮᠡᠷᠭᠡᠵᠢᠯ ᠤᠨ ᠳᠠᠩᠰᠠᠯᠠᠭᠤᠯᠤᠭᠰᠠᠨ ᠪᠠᠶᠢᠭᠤᠯᠤᠭᠴᠢ ᠲᠤᠰᠢᠶᠠᠬᠤ ᠴᠢᠬᠤᠯᠠ ᠦᠭᠡᠢ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024ᠣᠨ ᠤ 9 ᠳ᠋ᠦ᠋ᠭᠡᠷ ᠰᠠᠷ᠎ᠠ ᠶᠢᠨ30 ᠤ ᠡᠳᠦᠷ 
ᠢᠷᠡᠯᠲᠡ᠄ ​ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map