ᠪᠦᠬᠦ ᠣᠷᠣᠨ ᠤ ᠬᠤᠳᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/22
    10 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠪᠦᠬᠦ ᠣᠷᠣᠨ ᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠬᠤ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽︿ᠪᠥᠬᠦ ᠤᠯᠤᠰ ᠤᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠮᠡᠳᠡᠭᠳᠡᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠶᠢ ᠤᠯᠠᠮᠵᠢᠯᠠᠵᠤ᠂ ᠮᠠᠨ ᠤ ᠣᠷᠣᠨ ᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠢ ᠯᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
W020241021345701065644.png
     ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠳᠠᠷᠤᠢ ᠲᠦᠷᠭᠡᠨ ᠬᠥᠳᠡᠯᠦᠯᠴᠡᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ ᠠᠵᠢᠯ ᠤᠨ ᠪᠠᠶᠢᠷᠢᠯᠠᠭᠤᠯᠤᠯᠳᠠ ᠶᠣᠰᠣᠭᠠᠷ᠂ ᠡᠨᠡ ᠵᠢᠯ ᠤᠨ 10 — 12 ᠳ᠋ᠤᠭᠠᠷ ᠰᠠᠷ᠎ᠠ ᠳᠤ᠂ ᠪᠠᠷᠢᠯᠭ᠎ᠠ ᠶᠢᠨ ᠬᠤᠭ ᠨᠣᠪᠰᠢ ᠶᠢ ᠭᠠᠷᠭᠠᠬᠤ᠂ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠬᠠᠳᠠᠭᠠᠯᠠᠬᠤ᠂ ᠠᠰᠢᠭᠯᠠᠬᠤ ᠪᠠ ᠰᠢᠢᠳᠪᠦᠷᠢᠯᠡᠬᠦ ᠵᠠᠩᠭᠢᠯᠠᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ 2025 ᠣᠨ ᠳᠤ ᠪᠠᠶᠢᠩᠭᠤᠵᠢᠭᠤᠯᠤᠨ ᠴᠡᠭᠴᠡᠯᠡᠨ ᠵᠠᠰᠠᠬᠤ ᠱᠠᠲᠤᠨ ᠳᠤ ᠤᠷᠤᠭᠤᠯᠤᠨ᠎ᠠ᠃ ᠡᠨᠡ ᠵᠢᠯ ᠤᠨ ᠲᠥᠪᠯᠡᠷᠡᠭᠦᠯᠦᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠳ᠋ᠦᠩᠨᠡᠨ ᠵᠠᠳᠠᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ︽ᠡᠷᠬᠢᠨ ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ
W020241021345701169415.png
W020241021345701430209.png
    ᠬᠤᠷᠠᠯ ᠠᠴᠠ᠂ ᠡᠮᠦᠨᠡᠬᠢ ᠬᠤᠭᠤᠴᠠᠭᠠᠨ ᠤ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠰᠠᠭᠤᠷᠢᠨ ᠳᠡᠭᠡᠷ᠎ᠡ᠂ ᠭᠤᠷᠪᠠᠨ ᠶᠠᠮᠤᠨ ᠵᠦᠪᠯᠡᠯ ᠤᠨ ︽ᠲᠥᠰᠥᠯ︾ ᠪᠠ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠲᠠᠢ ᠭᠤᠣᠯᠳᠠᠯᠭ᠎ᠠ ᠲᠠᠢ ᠬᠠᠷᠢᠴᠠᠭᠤᠯᠤᠨ᠂ ᠠᠯᠳᠠᠭ᠎ᠠ ᠲᠤᠳᠠᠭᠳᠠᠯ ᠢ ᠤᠯᠠᠮ ᠨᠢᠭᠡ ᠠᠯᠬᠤᠮ ᠪᠠᠶᠢᠴᠠᠭᠠᠨ ᠨᠥᠬᠦᠪᠦᠷᠢᠯᠡᠵᠦ᠂ ᠡᠯ᠎ᠡ ᠵᠦᠢᠯ ᠤᠨ ᠡᠭᠦᠷᠭᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠠᠨ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠪᠠ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠱᠠᠯᠠᠪᠳᠠᠨ ᠪᠠᠶᠢᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠨ ᠰᠤᠳᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠢ᠃ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠬᠤᠭ ᠨᠣᠪᠰᠢ ᠳᠤ ᠬᠤᠯᠪᠣᠭᠳᠠᠭᠰᠠᠨ ᠬᠠᠮᠢᠶ᠎ᠠ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠥᠭᠡᠳ ᠲᠦᠷᠭᠡᠨ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠤ ᠱᠠᠭᠠᠷᠳᠠᠪᠠ᠃
W020241021345701507224.png
    ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠡᠮᠦᠷ ᠵᠠᠮ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃  
ᠢᠷᠡᠯᠲᠡ᠄ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ
Baidu
map