ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠢᠨ‌‍ᠲ᠋ᠢᠩᠬᠢᠮ ᠤᠨ ᠠᠵᠢᠯ ᠳᠤ ᠭᠠᠷᠬᠤ ᠶᠢ ᠰᠢᠯᠭᠠᠨ ᠪᠠᠶᠢᠴᠠᠭᠠᠬᠤ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭᠠᠨ ᠤ ᠨᠡᠷᠡᠰ ︵ᠶᠢᠰᠦᠳᠦᠭᠡᠷ ᠪᠦᠯᠦᠭ︶ ᠢ ᠨᠡᠶᠢᠲᠡᠯᠡᠬᠦ ᠲᠣᠬᠠᠢ ᠠᠯᠪᠠᠨ ᠵᠠᠷ
ᠨᠡᠶᠢᠲᠡᠯᠡᠭᠰᠡᠨ ᠴᠠᠭ᠄
2024/10/8

    ﹇2024 ﹈127 ᠳ᠋ᠤᠭᠠᠷ ᠲᠣᠭᠠᠲᠤ 

    ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠭᠤᠶᠤᠴᠢᠯᠠᠯ ᠢ

ᠦᠨᠳᠦᠰᠦᠯᠡᠨ᠂ ᠰᠢᠯᠭᠠᠯᠲᠠ ᠪᠠᠷ ᠳᠠᠮᠵᠢᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ

ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵V2.0︶ ︵ᠳᠣᠷᠣᠭᠰᠢ ᠦᠨᠡᠨ

ᠨᠡᠷ᠎ᠡ ᠶᠢᠨ ᠳᠦᠷᠢᠮ ᠤᠨ ᠲᠠᠪᠴᠠᠩ ᠭᠡᠵᠦ ᠲᠣᠪᠴᠢᠯᠠᠨ᠎ᠠ︶ ᠲᠠᠢ ᠵᠣᠯᠭᠠᠭᠤᠯᠤᠨ ᠬᠡᠮᠵᠢᠨ ᠰᠢᠯᠭᠠᠭᠠᠳ ᠠᠮᠵᠢᠯᠲᠠ ᠣᠯᠤᠭᠰᠠᠨ ᠠᠵᠢᠯ ᠳᠤ ᠭᠠᠷᠬᠤ

ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭᠠᠴᠢᠨ ᠤ ᠨᠡᠷᠡᠰ ᠢ ᠨᠡᠶᠢᠲᠡᠯᠡᠶ᠎ᠡ ︵ᠪᠣᠳᠠᠲᠠᠶ ᠨᠡᠷᠡᠰ ᠢ ᠳᠠᠭᠠᠯᠳᠤᠭᠤᠯᠤᠯ ᠳᠤ ᠦᠵᠡ︶᠃

    ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠲᠤᠰ ᠠᠯᠪᠠᠨ ᠵᠠᠷ ᠲᠤ ᠨᠡᠶᠢᠲᠡᠯᠡᠭᠰᠡᠨ ᠠᠵᠢᠯ ᠳᠤ ᠭᠠᠷᠤᠭᠰᠠᠨ ᠲᠡᠮᠳᠡᠭ ᠢᠶᠠᠨ ᠲᠡᠮᠳᠡᠭᠯᠡᠬᠦ ᠲᠥᠬᠦᠭᠡᠷᠦᠮᠵᠢ

ᠦᠢᠯᠡᠳᠪᠦᠷᠢᠯᠡᠬᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠬᠡᠯᠪᠡᠷᠢ ᠮᠠᠶ᠋ᠢᠭ ᠪᠦᠬᠦᠢ ᠠᠵᠢᠯ ᠳᠤ ᠭᠠᠷᠬᠤ ᠶᠢ

ᠰᠢᠯᠭᠠᠬᠤ ᠲᠥᠬᠦᠭᠡᠷᠦᠮᠵᠢ ᠶᠢ ᠡᠵᠡᠨ ᠮᠡᠳᠡᠨ ᠬᠤᠳᠠᠯᠳᠤᠨ ᠠᠪᠴᠤ ᠬᠡᠷᠡᠭᠯᠡᠵᠦ ᠪᠣᠯᠤᠨ᠎ᠠ᠃

    ᠮᠠᠨ ᠤ ᠲᠢᠩᠬᠢᠮ ᠨᠢ ᠠᠵᠢᠯ ᠳᠤ ᠭᠠᠷᠬᠤ ᠶᠢ ᠰᠢᠯᠭᠠᠬᠤ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭᠠᠴᠢᠨ ᠤ ᠭᠤᠶᠤᠴᠢᠯᠠᠯ

ᠵᠢᠴᠢ ᠦᠨᠡᠨ ᠨᠡᠷ᠎ᠡ ᠶᠢᠨ ᠳᠦᠷᠢᠮ ᠤᠨ ᠲᠠᠪᠴᠠᠩ ᠤᠨ ᠰᠢᠯᠭᠠᠯᠲᠠ ᠶᠢᠨ ᠪᠠᠶᠢᠳᠠᠯ ᠢ ᠦᠨᠳᠦᠰᠦᠯᠡᠨ᠂ ᠠᠵᠢᠯ ᠳᠤ ᠭᠠᠷᠬᠤ ᠶᠢ ᠰᠢᠯᠭᠠᠬᠤ ᠲᠣᠨᠤᠭ

ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠶᠢᠨ ᠨᠡᠷᠡᠰ ᠢ ᠴᠠᠭ ᠲᠤᠬᠠᠶ ᠳᠤ ᠨᠢ ᠨᠡᠶᠢᠲᠡᠯᠡᠨ᠎ᠡ᠃

    ᠮᠠᠨ ᠤ ᠣᠷᠣᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ

ᠬᠡᠷᠡᠭᠯᠡᠬᠦ ᠠᠵᠢᠯ ᠳᠤ ᠭᠠᠷᠬᠤ ᠶᠢ ᠰᠢᠯᠭᠠᠬᠤ ᠲᠥᠬᠦᠭᠡᠷᠦᠮᠵᠢ ᠶᠢ ᠡᠷᠬᠡᠪᠰᠢ ᠦᠨᠡᠨ ᠨᠡᠷ᠎ᠡ ᠶᠢᠨ ᠳᠦᠷᠢᠮ ᠤᠨ ᠲᠠᠪᠴᠠᠩ ᠳᠡᠭᠡᠷ᠎ᠡ V2.0 ᠦᠨᠡᠨ ᠪᠣᠳᠠᠲᠠᠶ᠂

ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠳᠠᠮᠵᠢᠭᠤᠯᠤᠨ ᠲᠤᠭ᠎ᠠ ᠪᠠᠷᠢᠮᠲᠠ ᠳᠤ ᠣᠷᠣᠭᠤᠯᠬᠤ ᠬᠡᠷᠡᠭᠲᠡᠶ᠃

ᠤᠨᠴᠠᠭᠠᠶᠢᠯᠠᠨ ᠵᠠᠷᠯᠠᠨ ᠨᠡᠶᠢᠲᠡᠯᠡᠪᠡ

 

 

    ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠦᠨᠡᠨ ᠨᠡᠷ᠎ᠡ ᠶᠢᠨ

ᠳᠦᠷᠢᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵V2.0︶ ᠲᠠᠢ ᠵᠤᠯᠭᠠᠵᠤ ᠰᠢᠯᠭᠠᠯᠲᠠ ᠪᠠᠷ ᠠᠮᠵᠢᠯᠲᠠ ᠣᠯᠤᠭᠰᠠᠨ

ᠠᠵᠢᠯ ᠳᠤ ᠭᠠᠷᠬᠤ ᠪᠡᠯᠡᠳᠬᠡᠯ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠶᠢᠨ ᠨᠡᠷᠡᠰ ︵ᠶᠢᠰᠦᠳᠦᠭᠡᠷ ᠪᠦᠯᠦᠭ︶

 

    2024 ᠣᠨ ᠤ 9 ᠳ᠋ᠦ᠋ᠭᠡᠷ ᠰᠠᠷ᠎ᠠ ᠶᠢᠨ 14 ᠤ ᠡᠳᠦᠷ

 

ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map