ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/7
     2 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ   ᠶᠢᠨ  ᠵᠣᠷᠢᠭ  ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ  ᠪᠢᠴᠢᠭ  ᠮᠠᠲ᠋ᠧᠷᠢᠶᠠᠯ   ᠤᠨ  ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃
W020240205359470285058.jpg
    ᠬᠤᠷᠠᠯ  ᠳᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ   ᠪᠠᠨ  ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠡᠷᠡᠰ ᠨᠢᠭᠡᠳᠬᠡᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠪᠣᠯᠣᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ  ᠶᠢ  ᠪᠦᠬᠦ ᠲᠠᠯ᠎ᠠ  ᠪᠠᠷ  ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠵᠤ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ᠂ ᠦᠪᠡᠰᠤᠪᠠᠨ ᠪᠠᠷᠢᠭᠰᠠᠨ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠭᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠭᠠᠯ ᠤᠨ ᠭᠠᠮᠰᠢᠭ ᠢ ᠰᠡᠷᠭᠡᠶᠢᠯᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠣᠨᠣᠪᠴᠢᠲᠠᠢ ᠰᠡᠷᠡᠨ ᠮᠡᠳᠡᠵᠦ ᠂ ᠭᠡᠮ ᠰᠣᠭᠤᠭ ᠢ ᠴᠠᠭ ᠲᠤᠬᠠᠢ ᠳᠤᠨᠢ ᠴᠡᠴᠡᠭᠡᠯᠨ ᠵᠠᠰᠠᠵᠤ ᠂ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ᠂ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠠᠶᠤᠯ ᠲᠦᠭᠰᠢᠭᠦᠷᠢ ᠶᠢᠨ ᠲᠠᠯᠳᠠ ᠭᠡᠮ ᠢ ᠴᠢᠩᠭ᠎ᠠ ᠴᠡᠭᠴᠡᠯᠡᠨ ᠵᠠᠰᠠᠵᠤ᠂ ᠠᠯᠪᠠ ᠬᠠᠰᠢᠵᠤ ᠠᠮᠠ ᠪᠥᠭᠯᠡᠬᠦ᠂ ᠴᠡᠭᠴᠡᠯᠡᠨ ᠵᠠᠰᠠᠬᠤ ᠳᠤ ᠠᠯᠠᠩ ᠰᠠᠯᠠᠩ ᠣᠪᠣᠷ ᠢᠶᠠᠷ ᠬᠠᠨᠳᠣᠵᠤ ᠪᠠᠶᠢᠭ᠎ᠠ ᠡᠲᠡᠭᠡᠳ ᠢ  ᠨᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠯᠳᠠ ᠭᠡᠮ ᠢ ᠶᠠᠭᠠᠬᠢᠭᠰᠠᠨ ᠴᠤ ᠡ᠊ᠨᠳᠡᠯ ᠪᠣᠯᠭᠠᠨ ᠬᠤᠪᠢᠷᠠᠭᠤᠯᠵᠤ ᠪᠣᠯᠬᠤ ᠦᠭᠡᠢ᠃ ᠠᠶᠤᠯᠭᠦᠢ ᠦᠢᠯᠡᠳᠪᠦᠷᠢᠯᠡᠯ ᠤᠨ ᠡᠯ᠎ᠡ ᠲᠠᠯ᠎ᠠ  ᠶᠢᠨ ᠬᠠᠷᠢᠭᠤᠴᠠᠯᠭ᠎ᠠ  ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ   ᠤᠨ ᠬᠠᠷᠢᠭᠤᠴᠠᠯᠭ᠎ᠠ ᠶᠢ ᠠᠵᠢᠯᠯᠠᠵᠤ ᠪᠠᠶᠢᠭ᠎ᠠ ᠬᠥᠮᠥᠨ ᠨᠢᠭᠡᠪᠦᠷᠢ ᠪᠣᠯᠣᠨ ᠪᠣᠳᠠᠲᠠᠢ ᠠᠵᠢᠯ ᠤᠨ ᠪᠠᠶᠢᠷᠢ ᠳᠤ ᠳᠠᠮᠵᠢᠭᠤᠯᠵᠤ᠂ ᠠᠶᠤᠯ ᠲᠦᠭᠰᠢᠭᠦᠷᠢ ᠶᠢ ᠡᠷᠡᠰ ᠬᠤᠷᠢᠭᠯᠠᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤᠲᠠᠢ ᠴᠠᠭ ᠠᠭᠤᠷ ᠢ ᠠᠷᠭᠠᠴᠠᠬᠤ ᠠᠵᠢᠯ ᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠦᠷᠢᠨᠰᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠵᠢᠯᠲᠠᠨ ᠢ ᠨᠠᠶᠢᠳᠠᠪᠤᠷᠢᠵᠢᠭᠤᠯᠬᠤ᠂ ᠡᠳ᠋ ᠪᠣᠳᠠᠰ ᠢ ᠨᠠᠶᠢᠳᠠᠪᠤᠷᠢᠵᠢᠭᠤᠯᠬᠤ ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠴᠠᠭᠠᠨ ᠰᠠᠷ᠎ᠠ  ᠶᠢᠨ ᠬᠤᠭᠤᠴᠠᠭᠠᠨ ᠳᠤ ᠵᠢᠵᠢᠭᠦᠷ   ᠤᠨ ᠲᠦᠷᠢᠮ   ᠢ ᠴᠢᠩᠭᠠᠳᠬᠠᠨ ᠤᠳᠤᠷᠢᠳᠬᠤ ᠺᠠᠳ᠋ᠷ ᠡᠭᠡᠯᠵᠢᠯᠡᠨ ᠠᠵᠢᠯ ᠳᠤ ᠭᠠᠷᠴᠤ ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠪᠠ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠰᠤ  ᠬᠠᠩᠭᠠᠬᠤ᠂ ᠬᠡᠢ  ᠬᠠᠩᠭᠠᠬᠤ᠂ ᠢᠯᠴᠢ  ᠬᠠᠩᠭᠠᠬᠤ᠂ ᠬᠦᠯᠦᠰᠦᠨ ᠠᠵᠢᠯᠴᠢᠳ ᠤᠨ ᠴᠠᠯᠢᠩ ᠢ ᠥᠭᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠠᠷᠠᠳ ᠤᠯᠠᠨ  ᠤ ᠪᠠᠶᠠᠷ ᠪᠠᠶᠠᠰᠬᠤᠯᠠᠩ  ᠲᠠᠢ᠂ ᠥᠯᠵᠡᠢ ᠪᠡᠯᠭᠡ ᠲᠠᠢ᠂ ᠠᠮᠤᠷ ᠠᠮᠤᠭᠤᠯᠠᠩ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ   ᠳᠤ  ᠂  ᠰᠢᠨᠵᠢᠯᠡᠬᠦ  ᠤᠬᠠᠭᠠᠨ  ᠮᠡᠷᠭᠡᠵᠢᠯ  ᠪᠣᠯ  ᠨᠢᠭᠡᠳᠦᠭᠡᠷ ᠦᠢᠯᠡᠳᠪᠦᠷᠢᠯᠡᠯ  ᠤᠨ ᠬᠦᠴᠦᠨ᠂ ᠴᠢᠳᠠᠪᠤᠷᠢᠲᠠᠨ  ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠢᠳᠠᠪᠤᠷᠢᠲᠠᠨ ᠪᠠ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠢᠨᠵᠧᠨᠧᠷ ᠤᠨ ᠬᠦᠮᠦᠵᠢᠯ ᠪᠣᠯᠪᠠᠰᠤᠷᠠᠯ ᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠢᠨᠵᠧᠨᠧᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠴᠢᠳᠠᠪᠤᠷᠢᠲᠠᠨ ᠢ ᠳᠠᠳᠠᠨ ᠬᠥᠮᠥᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠠ ᠲᠣᠬᠢᠶᠠᠯ ᠢ ᠠᠮᠵᠢᠵᠤ᠂ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ ᠴᠢᠳᠠᠪᠤᠷᠢᠲᠠᠨ ᠢ ᠳᠠᠳᠠᠨ ᠴᠢᠳᠠᠪᠤᠷᠢᠲᠠᠨ ᠢ ᠬᠥᠮᠥᠵᠢᠭᠦᠯᠵᠦ᠂ ︽ᠵᠠᠮᠠᠭ ᠰᠠᠶᠢᠲᠠᠢ ᠤᠰᠤᠨ ᠳᠤ ᠵᠢᠭᠠᠰᠤ ᠤᠯᠠᠨ᠂ ᠵᠠᠩ ᠰᠠᠶᠢᠲᠠᠢ ᠬᠥᠮᠦᠨ ᠳᠤ ᠨᠦᠬᠦᠷ ᠤᠯᠠᠨ ︾ ᠭᠡᠳᠡᠭ ᠢᠶᠠᠷ ᠠᠵᠢᠯ ᠲᠥᠷᠥᠯ ᠤᠨ ᠳᠡᠭᠡᠳᠦ ᠲᠠᠰ  ᠤᠨ ᠴᠢᠳᠠᠪᠤᠷᠢᠲᠠᠨ᠂ ᠵᠠᠯᠠᠭᠤ ᠰᠢᠯᠢᠳᠡᠭ ᠴᠢᠳᠠᠪᠤᠷᠢᠲᠠᠨ ᠪᠠ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠬᠥᠬᠢᠭᠦᠯᠦᠨ ᠰᠠᠶᠢᠰᠢᠶᠠᠵᠤ᠂ ᠰᠢᠯᠢᠳᠡᠭ ᠠᠴᠠ ᠲᠠᠭᠠᠨ  ᠰᠣᠷᠣᠯᠴᠠᠵᠤ ᠰᠢᠷᠭᠠᠭᠤ ᠬᠠᠲᠠᠭᠤᠵᠢᠯᠲᠠᠢ ᠠᠵᠢᠯᠯᠠᠬᠤ᠂ ᠪᠡᠷᠬᠡ ᠶᠢ ᠰᠢᠪᠲᠤᠯᠤᠨ ᠬᠦᠴᠢᠷ ᠢ ᠳᠠᠪᠠᠭ᠋ᠤ᠂ ᠰᠢᠨ᠎ᠡ ᠶᠢ ᠡᠭᠦᠳᠦᠨ ᠲᠡᠷᠢᠭᠦᠨ ᠳᠤ ᠣᠷᠣᠬᠤ ᠪᠠᠷ ᠴᠢᠷᠮᠠᠶᠢᠬᠤ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠣᠷᠣᠨ ᠤ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠭᠡᠵᠤ ᠱᠠᠭᠠᠷᠳᠠᠪᠠ᠃    ᠬᠤᠷᠠᠯ ᠳᠤ᠂ ᠰᠢᠨ᠎ᠡ ᠬᠥᠭᠵᠢᠯᠲᠡ  ᠶᠢᠨ ᠣᠶᠢᠯᠠᠭᠠᠭᠳᠠᠬᠤᠨ  ᠢ ᠪᠦᠬᠦ ᠲᠠᠯ᠎ᠠ  ᠪᠠᠷ ᠲᠤᠤᠱᠯᠠᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠢ ᠶᠢᠨ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠤᠯᠭᠠᠭᠤᠷᠢ ᠠᠵᠤ ᠦᠢᠯᠡᠰ ᠤᠨ ᠠᠵᠤ ᠠᠬᠤᠢ ᠶᠢᠨ ᠴᠢᠨᠠᠷ  ᠰᠠᠶᠢᠲᠠᠢ  ᠬᠥᠭᠵᠢᠯᠲᠡ ᠳᠤ ᠡᠨᠧᠷᠭᠢ ᠣᠯᠭᠤᠬᠤ  ᠶᠢ ᠪᠤᠵᠠᠭᠠᠶᠢᠷᠠᠭᠤᠯᠵᠤ᠂ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠳᠡᠮᠵᠢᠵᠦ᠂ ᠠᠳᠠᠯᠢ ᠪᠤᠰᠤ ᠥᠮᠴᠢᠯᠡᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠶᠢ ᠨᠢᠭᠡ ᠯᠡ ᠠᠳᠠᠯᠢ ᠪᠠᠷ ᠬᠠᠩᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ︽ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠠᠶᠢᠮᠠᠭ ᠬᠤᠲᠠ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠲᠤᠬᠠᠢ ᠶᠢᠨ ᠭᠠᠵᠠᠷ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠲᠥᠷᠥᠯ ᠵᠦᠢᠯ ᠢ ᠠᠬᠢᠭᠤᠯᠬᠤ ᠠᠵᠢᠯ ᠢ ᠰᠠᠶᠢᠲᠤᠷ ᠬᠢᠵᠦ᠂ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠬᠦ ᠲᠠᠪᠴᠠᠩ ᠢ ᠪᠠᠶᠢᠭᠤᠯᠤᠨ᠂ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠳᠣᠲᠣᠭᠠᠳᠤ ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠤᠳᠠ ᠶᠢᠨ ᠵᠠᠰᠠᠯᠲᠠ ᠶᠢᠨ ᠰᠢᠨ᠎ᠡ ᠶᠢ ᠡᠭᠦᠳᠴᠦ᠂ ᠤᠶᠠᠨ ᠬᠠᠳᠠᠨ ᠴᠢᠨᠠᠷᠲᠠᠢ ᠠᠮᠤᠷ ᠲᠦᠪᠰᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠢᠳᠡᠪᠬᠢᠲᠡᠢ ᠬᠡᠷᠡᠭᠵᠢᠭᠦᠯᠵᠦ᠂ ᠬᠥᠭᠵᠢᠯᠲᠡ ᠶᠢᠨ ᠲᠠᠯᠳᠠ ᠬᠦᠴᠦᠨ ᠢ ᠨᠡᠮᠡᠭᠳᠡᠭᠦᠯᠵᠦ  ᠬᠥᠭᠵᠢᠯᠲᠡ ᠶᠢᠨ ᠣᠷᠣᠨ ᠵᠠᠢ ᠶᠢ ᠰᠢᠯᠢᠳᠡᠭᠵᠢᠭᠦᠯᠵᠦ᠂ ᠬᠤᠳᠠ ᠶᠢᠨ ᠡᠵᠡᠩᠨᠡᠯᠲᠡ ᠶᠢᠨ ᠬᠡᠯᠪᠡᠷᠢ᠂ ᠴᠢᠳᠠᠮᠵᠢ᠂ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ ᠪᠠᠷᠢᠯᠭ᠎ᠠ ᠶᠢᠨ ᠦᠢᠯᠡᠰ ᠢ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ   ᠤᠨ  ᠪᠦᠲᠦᠭᠡᠨ ᠪᠠᠶᠢᠭᠤᠯᠤᠯᠲᠠ   ᠶᠢ ᠦᠷᠭᠦᠯᠵᠢᠯᠡᠨ  ᠴᠢᠩᠭᠠᠳᠬᠠᠵᠤ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠲᠠᠰ ᠳᠡᠪᠰᠢᠬᠦ ᠶᠢ ᠳᠡᠮᠵᠢᠵᠦ ᠂ ᠪᠠᠷᠢᠯᠭ᠎ᠠ ᠶᠢᠨ ᠠᠵᠤ ᠠᠬᠤᠶᠢᠯᠠᠯ ᠤᠨ ︽ᠬᠤᠪᠢᠶᠠᠷᠢ ᠰᠠᠯᠠᠭ᠎ᠠ ᠮᠥᠴᠢᠷ ᠪᠣᠯᠭᠠᠨ ᠥᠭᠡᠷᠡᠴᠢᠯᠡᠬᠦ︾ ᠠᠵᠢᠯ   ᠢ ᠢᠳᠡᠪᠬᠢᠲᠡᠢ  ᠪᠠᠷ ᠠᠬᠢᠭᠤᠯᠤᠨ᠂ ᠪᠣᠬᠢᠷᠲᠤᠯ ᠦᠭᠡᠢ ᠪᠦᠲᠦᠭᠡᠨ ᠪᠠᠶᠢᠭᠤᠯᠤᠯᠲᠠ᠂ ᠣᠶᠤᠨᠴᠢ ᠪᠦᠲᠦᠭᠡᠨ ᠪᠠᠶᠢᠭᠤᠯᠤᠯᠲᠠ ᠂ ᠤᠭᠰᠠᠷᠠᠮᠠᠯ ᠮᠠᠶ᠋ᠢᠭ ᠤᠨ ᠪᠦᠲᠦᠭᠡᠨ ᠪᠠᠶᠢᠭᠤᠯᠤᠯᠲᠠ ᠵᠡᠷᠭᠡ ᠰᠢᠨ᠎ᠡ ᠮᠠᠶ᠋ᠢᠭ ᠤᠨ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ ᠲᠦᠷᠭᠡᠳᠬᠡᠨ ᠬᠥᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠠᠯᠬᠤᠴᠠ ᠶᠢ ᠲᠦᠷᠭᠡᠳᠬᠡᠨ᠎ᠡ ᠭᠡᠵᠤ ᠴᠢᠬᠤᠯᠠᠴᠢᠯᠠᠪᠠ᠃    ᠬᠤᠷᠠᠯ ᠳᠤ᠂ ᠰᠠᠶ᠋ᠢᠬᠠᠨ  ᠲᠡᠭᠦᠰᠦᠭᠰᠡᠨ ᠥᠪᠡᠷᠲᠡᠭᠡᠨ ᠵᠠᠰᠠᠬᠤ ᠣᠷᠣᠨ  ᠤ ︽ᠬᠤᠶᠠᠷ ᠬᠤᠷᠠᠯ︾ ᠪᠣᠯ ᠪᠥᠬᠦ ᠣᠷᠣᠨ ᠤ ᠳᠡᠭᠡᠳᠦ ᠳᠣᠣᠷᠠᠳᠤ ᠱᠠᠲᠤᠨ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠰᠢᠨ᠎ᠡ ᠵᠠᠮ ᠢᠶᠠᠷ ᠵᠠᠮᠨᠠᠵᠤ᠂ ᠳᠤᠮᠳᠠᠳᠤ ᠤᠷᠤᠰᠬᠠᠯ  ᠢᠶᠠᠷ ᠤᠷᠤᠬᠤ︾ ᠵᠠᠩᠭᠢᠯᠠᠭ᠎ᠠ   ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠤᠯᠤᠨ᠎ᠠ᠂ ᠬᠤᠷᠠᠯ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠱᠤᠭᠤᠮ ᠢ ᠴᠢᠩᠭ᠎ᠠ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠪᠣᠳᠠᠲᠠᠢ ᠠᠷᠭ᠎ᠠ ᠵᠠᠮ ᠢ ᠤᠯᠠᠮ ᠴᠢᠨᠠᠭᠰᠢᠳᠠ ᠭᠦᠨᠵᠡᠭᠡᠢ ᠪᠥᠭᠡᠳ ᠪᠣᠳᠠᠲᠠᠢ ᠪᠠᠷ ᠰᠦᠪᠡᠭᠴᠢᠯᠡᠵᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠣᠪᠣᠶᠢᠮ᠎ᠠ᠂ ᠬᠢᠯᠠᠰ ᠴᠡᠭ ᠣᠯᠠᠨ ᠪᠠᠶᠢᠨ᠎ᠠ᠂ ᠡᠭᠦᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ᠂ ᠬᠠᠯᠠᠭᠤᠨ ᠳᠤᠯᠠᠭᠠᠨ ᠢᠨᠵᠧᠨᠧᠷᠢᠩ ᠵᠡᠷᠭᠡ ᠲᠠᠯ᠎ᠠ ᠪᠠᠷ ᠪᠣᠳᠠᠲᠠᠢ ᠲᠣᠬᠢᠷᠠᠭᠤᠯᠤᠯᠲᠠ ᠬᠢᠵᠦ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ ᠭᠡᠵᠤ ᠵᠢᠠᠭᠠᠨ ᠭᠠᠷᠭᠠᠪᠠ᠃    ᠬᠤᠷᠠᠯ ᠳᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠠᠵᠢᠯ  ᠤᠨ ᠡᠭᠦᠷᠭᠡ   ᠶᠢ ᠪᠦᠬᠦ ᠲᠠᠯ᠎ᠠ   ᠪᠠᠷ  ᠪᠦᠷᠢᠳᠬᠡᠵᠦ᠂ ᠲᠦᠷᠦᠯ ᠵᠦᠢᠯ ᠬᠤᠪᠢᠶᠠᠨ ᠰᠠᠶᠢᠲᠤᠷ ᠳᠠᠩᠰᠠ ᠪᠠᠶᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠨᠢᠭᠡ ᠪᠠᠷ ᠠᠬᠢᠭᠤᠯᠵᠤ᠂ ᠨᠢᠭᠡ ᠨᠢᠭᠡ ᠪᠠᠷ ᠨᠠᠶᠢᠳᠠᠪᠤᠷᠢᠵᠢᠭᠤᠯᠵᠤ᠂ ᠡᠯ᠎ᠡ  ᠵᠦᠢᠯ   ᠤᠨ ᠠᠵᠢᠯ   ᠤᠨ ᠦᠷ᠎ᠡ  ᠪᠦᠲᠦᠮᠵᠢ  ᠲᠠᠢ᠂ ᠠᠮᠵᠢᠯᠳᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠥᠪᠥᠷ ᠮᠣᠩᠭᠤᠯ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠡᠷᠡᠭᠵᠢᠭᠦᠯᠬᠦ ᠲᠥᠰᠥᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ  ᠠᠴᠠ   ᠪᠠᠨ ᠨᠡᠪᠲᠡᠷᠡᠯᠴᠡᠨ  ᠵᠣᠯᠭᠠᠭᠤᠯᠵᠤ᠂ ᠠᠵᠢᠯ   ᠤᠨ ᠲᠥᠰᠥᠯ  ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ︽ᠲᠦᠯᠦᠪᠵᠢᠭᠦᠯᠭᠡ︾ ᠠᠴᠠ ︽ᠪᠤᠳᠠᠳᠠᠢ︾ ᠪᠤᠯᠭᠠᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠭᠡᠷ ᠪᠠᠶᠢᠰᠢᠩ ᠭᠠᠵᠠᠷ ᠬᠥᠷᠥᠩᠭᠡ ᠪᠣᠯᠣᠨ ᠪᠠᠷᠢᠯᠭ᠎ᠠ ᠶᠢᠨ ᠦᠢᠯᠡᠰ ᠤᠨ ᠬᠤᠶᠠᠷ ᠲᠤᠯᠭᠠᠭᠤᠷᠢ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠠᠭᠤᠷᠢ ᠲᠥᠬᠦᠭᠡᠷᠦᠮᠵᠢ   ᠶᠢᠨ ᠪᠡᠯᠡ ᠣᠷᠣᠭᠤᠯᠤᠯᠲᠠ   ᠶᠢᠨ ᠡᠷᠴᠢᠮ   ᠢ ᠴᠢᠩᠭᠠᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠣᠶᠤᠨᠴᠢ ᠬᠤᠳᠠ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠬᠤᠲᠠ ᠪᠠᠯᠭᠠᠰᠤ ᠶᠢᠨ ᠢᠯᠴᠢ ᠬᠠᠩᠭᠠᠬᠤ ᠳᠤᠯᠠᠭᠠᠯᠭ᠎ᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠶᠢᠮᠠᠭ ᠬᠤᠲᠠ ᠶᠢ ᠵᠢᠯᠣᠭᠤᠳᠤᠨ ᠬᠤᠲᠠ ᠪᠠᠯᠭᠠᠰᠤ ᠶᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠰᠠᠭᠤᠷᠢ ᠲᠤᠭ᠎ᠠ ᠶᠢ ᠰᠠᠶᠢᠲᠤᠷ ᠠᠳᠬᠤᠵᠤ ᠪᠠᠶᠢᠳᠠᠯ ᠢ ᠶᠡᠬᠡᠪᠡᠷ ᠣᠶᠢᠯᠠᠭᠠᠨ᠂ ᠪᠦᠲᠦᠭᠡᠨ ᠪᠠᠶᠢᠭᠤᠯᠵᠤ ᠥᠭᠡᠷᠡᠴᠢᠯᠡᠬᠦ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠡᠭᠦᠷᠭᠡ ᠶᠢᠨ ᠪᠢᠴᠢᠭ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠯᠴᠢ ᠬᠠᠩᠭᠠᠬᠤ ᠬᠠᠯᠠᠭᠤᠨ ᠤ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠳᠤᠯᠠᠭᠠᠨ ᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠦᠷᠭᠡᠨ ᠬᠢᠬᠦ ᠶᠢ ᠴᠢᠩᠭ᠎ᠠ ᠠᠳᠬᠤᠨ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠬᠡᠷᠡᠭᠵᠢᠭᠦᠯᠦᠨ᠎ᠡ᠂ ᠡᠭᠦᠨ ᠳᠤ ᠬᠠᠭᠤᠴᠢᠨ ᠬᠤᠭᠤᠯᠠᠢ ᠶᠢ ᠥᠭᠡᠷᠡᠴᠢᠯᠡᠨ ᠵᠠᠰᠠᠬᠤ᠂ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠴᠠᠬᠢᠯᠭᠠᠨ ᠴᠡᠨᠡᠭᠯᠡᠬᠦ ᠱᠤᠩ ᠤᠨ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠲᠠᠢ ᠨᠢᠭᠲᠠ ᠬᠤᠯᠪᠣᠭ᠎ᠠ ᠲᠠᠢ ᠶᠤᠮ᠃ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠶᠢ ᠨᠠᠷᠢᠨ ᠨᠠᠶᠢᠳᠠᠪᠤᠷᠢᠵᠢᠭᠤᠯᠵᠤ᠂ ᠡᠷᠲᠡ ᠠᠴᠠ ᠪᠠᠶᠢᠷᠢᠰᠢᠭᠤᠯᠵᠤ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠠᠬᠢᠭᠤᠯᠵᠤ᠂ ᠡᠯᠧᠮᠧᠨ᠋ᠲ ᠤᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠨᠢᠭᠡᠳᠦᠯᠲᠡᠢ  ᠲᠥᠯᠥᠪᠯᠡᠨ  ᠲᠣᠬᠢᠷᠠᠭᠤᠯᠬᠤ ᠡᠷᠴᠢᠮ  ᠢᠶᠠᠨ  ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠡᠷᠲᠡ ᠪᠠᠶᠢᠭᠤᠯᠵᠤ᠂ ᠠᠷᠠᠳ ᠣᠯᠠᠨ ᠳᠤ ᠡᠷᠲᠡ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠩᠰᠠ ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠵᠢᠯ ᠤᠨ ᠡᠬᠢᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠬᠠᠷᠠᠯᠲᠠ ᠡᠭᠦᠷᠭᠡ ᠲᠠᠢ ᠤᠶᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠲᠠᠢ ᠤᠶᠠᠯᠳᠤᠭᠤᠯᠵᠤ᠂ ᠨᠢᠭᠡᠨᠲᠡ ᠲᠥᠯᠥᠪᠯᠡᠭᠰᠡᠨ᠂ ᠨᠤᠳᠠᠯᠠᠭᠳᠠᠭᠰᠠᠨ᠂ ᠲᠤᠭᠳᠠᠭᠠᠭᠰᠠᠨ ᠶᠠᠪᠤᠳᠠᠯ ᠳᠤ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠣᠪᠣᠷ ᠢ ᠠᠪᠴᠤ᠂ ᠪᠥᠬᠦ ᠬᠦᠴᠦᠨ ᠢᠶᠠᠷ ᠢᠶᠠᠨ ᠴᠠᠭ ᠢ ᠠᠮᠵᠢᠨ᠂ ᠠᠬᠢᠴᠠ ᠶᠢ ᠴᠢᠷᠮᠠᠶᠢᠨ᠂ ᠲᠦᠷᠭᠡᠨ ᠠᠬᠢᠭᠤᠯᠵᠤ᠂ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠲᠡ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
W020240205359470318103.jpg
    ᠬᠤᠷᠠᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ  ᠴᠣᠭᠴᠠ  ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ  ᠪᠠᠷ ᠲᠤᠭᠤᠰᠢᠯᠠᠭᠤᠯᠬᠤ ᠶᠢᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠬᠤᠶᠠᠷ ᠢ ᠲᠤᠭᠳᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠬᠦ ᠳᠡᠭᠡᠳᠦ ᠬᠡᠮᠵᠢᠶᠡᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠥᠨᠳᠥᠷᠴᠡ ᠠᠴᠠ ᠡᠨᠡ ᠬᠦ ᠭᠤᠣᠯ ᠰᠢᠵᠢᠮ ᠢ ᠡᠵᠡᠮᠳᠡᠨ ᠲᠤᠭᠤᠰᠢᠯᠠᠭᠤᠯᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠢᠮᠠᠭᠲᠠ ᠡᠨᠡ ᠬᠦ ᠭᠤᠣᠯ ᠰᠢᠵᠢᠮ ᠤᠨ ᠲᠣᠭᠤᠷᠢᠨ ᠳᠤ ᠥᠷᠨᠢᠭᠦᠯᠬᠦ ᠶᠢ ᠪᠡᠶᠡᠯᠡᠭᠦᠯᠬᠦ ᠬᠡᠷᠡᠭᠲᠡᠢ᠃ ︽ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠬᠡᠷᠡᠭᠵᠢᠭᠦᠯᠬᠦ ᠲᠥᠰᠥᠯ︾ ᠪᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠠᠵᠢᠯ ᠤᠨ ᠲᠣᠬᠢᠷᠠᠭᠤᠯᠤᠯᠲᠠ︾ ᠶᠢᠨ ᠱᠠᠭᠠᠷᠳᠠᠯᠭ᠎ᠠ ᠶᠣᠰᠣᠭᠠᠷ᠂ ︽ᠲᠠᠪᠤᠨ ᠶᠡᠭᠡ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠠᠵᠢᠯ ᠤᠨ ᠳᠤᠮᠳᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠦᠨᠡᠨ ᠬᠦ ᠲᠦᠯᠬᠢᠨ ᠠᠬᠢᠭᠤᠯᠵᠤ᠂ ᠡᠨᠡ ᠬᠦ ᠭᠤᠣᠯ ᠰᠢᠵᠢᠮ ᠢ ᠪᠣᠳᠠᠲᠠᠢ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠭᠡᠵᠦ ᠴᠢᠬᠤᠯᠠᠴᠢᠯᠠᠪᠠ᠃    ᠬᠤᠷᠠᠯ ᠳᠤ᠂ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠪᠠ ᠪᠠᠷᠢᠮᠲᠠᠯᠠᠯ  ᠢᠶᠠᠷ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠲᠠᠰᠤᠷᠠᠯᠲᠠ ᠦᠭᠡᠢ ᠠᠬᠢᠭᠤᠯᠵᠤ᠂ ᠬᠥᠭᠵᠢᠯᠲᠡ ᠶᠢᠨ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠦᠬᠦ ᠲᠠᠯ᠎ᠠ ᠪᠠᠷ ᠤᠳᠤᠷᠢᠳᠬᠤ᠂ ᠪᠦᠬᠦ ᠬᠡᠯᠬᠢᠶ᠎ᠡ ᠪᠠᠷ ᠬᠠᠮᠢᠶᠠᠷᠬᠤ᠂ ᠪᠦᠬᠦ ᠶᠠᠪᠤᠴᠠ ᠪᠠᠷ ᠬᠢᠨᠠᠯᠲᠠ ᠲᠠᠯᠪᠢᠬᠤ᠂ ᠪᠦᠬᠦᠨ ᠢ ᠪᠦᠷᠬᠦᠭᠦᠯᠦᠨ ᠠᠬᠢᠭᠤᠯᠬᠤ ᠶᠢ ᠪᠠᠷᠢᠮᠲᠠᠯᠠᠵᠤ᠂ ᠴᠢᠩᠭ᠎ᠠ ᠱᠠᠭᠠᠷᠳᠠᠯᠭ᠎ᠠ ᠶᠢ ᠨᠠᠮ ᠢ ᠬᠠᠮᠢᠶᠠᠷᠴᠤ ᠨᠠᠮ ᠢ ᠵᠠᠰᠠᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠂ ᠪᠡᠯᠡ ᠮᠥᠩᠭᠦ ᠶᠢᠨ ᠬᠡᠷᠡᠭᠯᠡᠯᠲᠡ᠂ ᠬᠥᠮᠥᠨ ᠰᠣᠩᠭᠤᠵᠤ ᠬᠥᠮᠥᠨ ᠬᠡᠷᠡᠭᠯᠡᠬᠦ᠂ ᠳᠠᠭᠠᠭᠠᠴᠢᠯᠠᠯᠲᠠ ᠵᠠᠷᠯᠠᠵᠤ  ᠳᠠᠭᠠᠭᠠᠴᠢᠯᠠᠯᠲᠠ  ᠬᠦᠯᠢᠶᠡᠬᠦ ᠵᠡᠷᠭᠡ ᠭᠤᠣᠯᠳᠠᠯᠭ᠎ᠠ  ᠲᠠᠢ ᠭᠤᠭᠴᠤᠭ᠎ᠠ᠂ ᠭᠤᠣᠯᠳᠠᠯᠭ᠎ᠠ ᠲᠠᠢ ᠠᠵᠢᠯ ᠤᠨ ᠪᠠᠶᠢᠷᠢ᠂ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠡᠭ ᠤᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠳᠤᠲᠠᠭᠳᠠᠯ ᠢ ᠨᠥᠬᠦᠪᠦᠷᠢᠯᠡᠵᠦ᠂ ᠳᠦᠷᠢᠮ ᠤᠨ ᠰᠢᠩᠭᠡᠯᠢᠭ ᠢ ᠴᠢᠩᠭ᠎ᠠ ᠪᠠᠬᠢᠯᠡᠬᠦ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠬᠠᠤᠯᠢ ᠰᠠᠬᠢᠯᠭ᠎ᠠ ᠶᠢ ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠬᠥᠲᠥᠯᠥᠨ ᠵᠢᠯᠤᠭᠤᠳᠴᠤ᠂ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ︽ᠤᠯᠠᠭᠠᠨ ᠱᠤᠭᠤᠮ︾᠂ ︽ᠥᠨᠳᠥᠷ ᠳᠠᠷᠤᠯᠲᠠᠲᠤ ᠱᠤᠭᠤᠮ︾ ᠳᠤ ᠬᠠᠯᠳᠠᠬᠤ ᠦᠭᠡᠢ ᠪᠠᠶᠢᠬᠤ ᠬᠡᠷᠡᠭᠲᠡᠢ᠃ ᠢᠯᠠᠩᠭᠤᠶ᠎ᠠ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ ᠤᠳᠤᠷᠢᠳᠬᠤ ᠺᠠᠳ᠋ᠷᠴᠤᠳ ᠲᠦᠷᠦᠭᠦᠯᠡᠨ ᠨᠠᠮ ᠤᠨ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠷᠢᠭᠤᠨ ᠴᠢᠬᠡᠴᠢ ᠪᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ᠂ ᠠᠷᠪᠢᠲᠠᠢ ᠭᠠᠮᠲᠠᠢ ᠪᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ᠂ ᠪᠣᠯᠪᠠᠰᠤᠨ ᠢᠶᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ ᠰᠢᠨ᠎ᠡ ᠰᠤᠷᠲᠠᠯ ᠢ ᠪᠤᠶ ᠪᠣᠯᠭᠠᠬᠤ ᠶᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ︽ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ︾᠂ ︽ᠳᠦᠷᠢ ᠲᠥᠷᠬᠦ ᠶᠢᠨ ᠢᠨᠵᠧᠨᠧᠷᠢᠩ︾᠂ ︽ᠨᠢᠭᠤᠷ ᠲᠠᠯ᠎ᠠ ᠶᠢᠨ ᠢᠨᠵᠧᠨᠧᠷᠢᠩ︾ ᠵᠡᠷᠭᠡ ᠲᠣᠪᠣᠶᠢᠮ᠎ᠠ ᠠᠰᠠᠭᠤᠳᠠᠯ ᠢ ᠬᠦᠴᠦ ᠲᠠᠯᠪᠢᠨ ᠴᠡᠭᠴᠡᠯᠡᠨ ᠵᠠᠰᠠᠵᠤ᠂ ᠨᠠᠶᠢᠳᠠᠪᠤᠷᠢᠵᠢᠭᠤᠯᠤᠯᠲᠠ ᠶᠢᠨ ᠳᠤᠮᠳᠠᠬᠢ ᠲᠦᠭᠵᠢᠷᠡᠯ ᠤᠨ ᠴᠡᠭ ᠤᠨ ᠪᠡᠷᠬᠡ ᠠᠰᠠᠭᠤᠳᠠᠯ ᠢ ᠨᠡᠪᠲᠡᠷᠡᠭᠦᠯᠦᠨ᠂ ᠬᠡᠷᠡᠭᠵᠢᠭᠦᠯᠬᠦ ᠶᠠᠪᠤᠴᠠ ᠳᠠᠬᠢ ᠳᠤᠯᠠᠭᠠᠨ ᠤ ᠵᠥᠷᠢᠶ᠎ᠡ ᠶᠢ ᠵᠠᠯᠠᠷᠠᠭᠤᠯᠵᠤ᠂ ᠳᠠᠷᠤᠭᠠᠰᠤ ᠶᠢ ᠬᠥᠩᠭᠡᠯᠡᠵᠦ ᠬᠦᠯᠢᠶᠡᠰᠦ ᠶᠢ ᠰᠤᠯᠠᠷᠠᠭᠤᠯᠬᠤ᠂ ᠪᠡᠶ᠎ᠡ ᠬᠥᠩᠭᠡᠨ ᠢᠶᠠᠷ ᠪᠠᠶᠢᠯᠳᠤᠭᠠᠨ ᠳᠤ ᠣᠷᠣᠯᠴᠠᠬᠤ ᠨᠥᠬᠦᠴᠡᠯ ᠢ ᠪᠤᠢ ᠪᠣᠯᠭᠠᠨ᠂ ︽ᠭᠠᠮᠨᠠᠵᠤ ᠠᠮᠢᠳᠤᠷᠠᠬᠤ︾ ᠳᠠᠳᠬᠠᠯ ᠲᠠᠢ ᠪᠣᠯᠭᠠᠵᠤ᠂ ᠰᠠᠶᠢᠨ ᠰᠤᠷᠲᠠᠯ ᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠡᠪ ᠵᠠᠩᠰᠢᠯ ᠪᠣᠯᠭᠠᠬᠤ ᠬᠡᠷᠡᠭᠲᠡᠢ ᠭᠡᠵᠤ ᠱᠠᠭᠠᠷᠳᠠᠪᠠ᠃    ᠬᠤᠷᠠᠯ ᠳᠤ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠦ︾᠂ ︽2024 ᠣᠨ ᠤ ᠪᠠᠳᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠪᠠᠷ ᠮᠡᠳᠡᠭᠦᠯᠬᠦ ᠲᠥᠯᠥᠪᠯᠡᠭᠡ ᠵᠢᠴᠢ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷ ᠨᠡᠮᠡᠵᠦ ᠨᠥᠬᠦᠪᠦᠷᠢᠯᠡᠬᠦ ᠲᠥᠯᠥᠪᠯᠡᠭᠡ︾ ᠶᠢ ᠰᠤᠳᠤᠯᠵᠠᠢ᠃     ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠲᠢᠩᠬᠢᠮ ᠤᠨ ᠠᠯᠪᠠᠨ ᠭᠡᠷ
Baidu
map