ᠥᠰᠥᠭ ᠪᠢᠴᠢᠭ  ᠢᠶᠠᠷ ᠦᠭᠦᠯᠡᠬᠦᠢ᠄ ︽ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/2/8
    ᠨᠢᠭᠡ᠂ ᠨᠡᠶᠢᠲᠡᠯᠡᠭᠰᠡᠨ ᠠᠬᠤᠶ ᠪᠠᠶᠢᠳᠠᠯ     2024 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠬᠤᠲᠠ ᠶᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠱᠠᠲᠤ ᠵᠢᠴᠢ ᠲᠡᠭᠦᠨ ᠠᠴᠠ ᠳᠡᠭᠡᠭᠰᠢᠬᠢ ᠬᠤᠲᠠ ᠳᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠳᠡᠮᠵᠢᠵᠦ ᠪᠣᠯᠬᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ ᠵᠦᠢᠯ ᠤᠨ ᠨᠡᠷᠡᠰ ᠢ ᠰᠢᠭᠰᠢᠨ ᠳᠤᠷᠠᠳᠴᠤ᠂ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠠᠯᠠ ᠲᠣᠬᠢᠷᠠᠭᠤᠯᠭ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ 2024 ᠣᠨ ᠤ 1 ᠳ᠋ᠦ᠋ᠭᠡᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠬᠤᠲᠠ ᠶᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠬᠤᠲᠠ ᠶᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠬᠤᠯᠪᠣᠭᠳᠠᠯ ᠪᠥᠬᠦᠶ ᠠᠵᠢᠯ ᠢ ᠪᠠᠶᠢᠷᠢᠯᠠᠭᠤᠯᠪᠠ᠂ ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠲᠠ ᠶᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃    ᠮᠥᠩᠭᠦᠨ ᠭᠦᠢᠯᠭᠡᠭᠡ ᠪᠣᠯ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠮᠥᠨ᠂ ᠪᠠᠰᠠ ᠴᠤ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠠᠵᠢᠯ ᠲᠦᠷᠦᠯ ᠤᠨ ᠠᠮᠢᠨ ᠰᠤᠳᠠᠰᠤ ᠮᠥᠨ᠃ 2023 ᠣᠨ ᠠᠴᠠ ᠨᠠᠰᠢ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠳᠠᠷᠤᠯᠲᠠ ᠨᠡᠮᠡᠭᠳᠡᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ ᠵᠦᠢᠯ ᠤᠨ ᠪᠠᠯᠠ ᠳᠣᠭᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠲᠣᠪᠤᠶᠢᠮ᠎ᠠ ᠪᠠᠶᠢᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠠᠵᠤ ᠠᠬᠤᠶᠢᠯᠠᠯ ᠤᠨ ᠬᠥᠳᠡᠯᠦᠩᠭᠦᠶ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ ᠂ ᠪᠠᠯᠠ ᠣᠷᠣᠭᠤᠯᠤᠯᠲᠠ ᠪᠣᠷᠣᠯᠠᠭᠤᠯᠤᠯᠲᠠ ᠶᠢᠨ ᠡᠶᠡᠷᠭᠦ ᠡᠷᠭᠢᠯᠲᠡ ᠶᠢ ᠠᠬᠢᠭᠤᠯᠤᠨ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠᠲᠠᠶ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠳᠠᠯᠢ ᠪᠤᠰᠤ ᠥᠮᠴᠢᠯᠡᠯ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡ ᠯᠡ ᠠᠳᠠᠯᠢ ᠪᠠᠷ ᠬᠠᠩᠭᠠᠵᠤ᠂ ᠮᠥᠩᠭᠦᠨ ᠭᠦᠢᠯᠭᠡᠭᠡᠨ ᠬᠢᠭᠡᠳ ᠬᠡᠷ ᠪᠠᠶᠢᠰᠢᠩ ᠭᠠᠵᠠᠷ ᠬᠥᠷᠥᠩᠭᠡ ᠶᠢᠨ ᠰᠠᠶᠢᠨ ᠣᠷᠴᠢᠯ ᠢ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠬᠤᠯᠪᠣᠭᠳᠠᠯ ᠪᠥᠬᠦᠶ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃    ᠬᠤᠶᠠᠷ᠂ ᠭᠤᠣᠯ ᠠᠭᠤᠯᠭ᠎ᠠ     ︽ᠮᠡᠳᠡᠭᠳᠡᠯ︾ ᠳᠤ 4 ᠲᠠᠯ᠎ᠠ ᠶᠢᠨ ᠡᠭᠦᠷᠭᠡ ᠶᠢ ᠪᠠᠶᠢᠷᠢᠯᠠᠭᠤᠯᠪᠠ     ᠨᠢᠭᠡ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠪᠡᠯᠡ ᠲᠤᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠳᠡᠰ ᠳᠠᠪᠬᠤᠷᠭ᠎ᠠ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠬᠦ ᠲᠠᠪᠴᠠᠩ ᠢ ᠪᠠᠶᠢᠭᠤᠯᠤᠨ᠂ ᠪᠠᠯᠠ ᠲᠣᠬᠢᠷᠠᠭᠤᠯᠭ᠎ᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠨ᠎ᠡ᠃    ᠬᠤᠶᠠᠷ ᠲᠤ᠂ ᠲᠥᠷᠥᠯ ᠵᠦᠢᠯ ᠢ ᠰᠢᠭᠰᠢᠨ ᠰᠣᠩᠭᠤᠵᠤ ᠪᠠᠯᠠ ᠲᠣᠬᠢᠷᠠᠭᠤᠯᠬᠤ ᠵᠦᠶ ᠵᠣᠬᠢᠰᠲᠠᠶ ᠬᠡᠷᠡᠭᠴᠡᠭᠡ ᠶᠢ ᠳᠡᠮᠵᠢᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠢ ᠰᠢᠭᠰᠢᠨ ᠰᠣᠩᠭᠤᠵᠤ᠂ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠲᠥᠷᠥᠯ ᠵᠦᠢᠯ ᠤᠨ ᠨᠡᠷᠡᠰ ᠢ ᠳᠤᠷᠠᠳᠴᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠵᠢᠭᠡᠯᠡᠯᠭᠡ ᠲᠠᠯᠪᠢᠨ᠎ᠠ᠃ ᠡᠭᠦᠨ ᠤ ᠬᠠᠮᠲᠤ ᠪᠡᠯᠡ ᠮᠥᠩᠭᠦ ᠶᠢ ᠨᠡᠭᠦᠯᠭᠡᠨ ᠬᠡᠷᠡᠭᠯᠡᠬᠦ ᠶᠢ ᠡᠷᠡᠰ ᠰᠡᠷᠭᠡᠶᠢᠯᠡᠵᠦ᠂ ᠲᠣᠭᠲᠠᠭᠠᠯ ᠳᠤ ᠨᠡᠶᠢᠴᠡᠭᠦᠯᠦᠨ ᠬᠡᠷᠡᠭᠯᠡᠬᠦ᠂ ᠪᠢᠲᠡᠭᠦᠮᠵᠢᠯᠡᠨ ᠠᠵᠢᠯᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠭᠤᠷᠪᠠ ᠳᠤ᠂ ᠲᠥᠷᠥᠯ ᠵᠦᠢᠯ ᠤᠨ ᠨᠥᠬᠦᠴᠡᠯ ᠢ ᠰᠢᠯᠢᠳᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠢ ᠭᠦᠢᠴᠡᠳᠬᠡᠬᠦ ᠶᠢ ᠲᠦᠷᠭᠡᠳᠬᠡᠵᠦ᠂ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠶᠢ ᠴᠢᠩᠭᠠᠳᠬᠠᠨ᠂ ᠵᠢᠭᠡᠯᠡᠯᠭᠡ ᠶᠢᠨ ᠪᠡᠯᠡ ᠮᠥᠩᠭᠦ ᠶᠢ ᠪᠢᠲᠡᠭᠦᠮᠵᠢᠯᠡᠨ ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ ᠭᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠩᠬᠢ ᠠᠵᠤ ᠠᠬᠤᠶᠢᠯᠠᠯ ᠤᠨ ᠢᠲᠡᠭᠡᠯᠴᠡᠭᠡ ᠶᠢ ᠨᠡᠮᠡᠭᠳᠡᠭᠦᠯᠦᠨ᠎ᠡ᠃    ᠳᠥᠷᠪᠡ ᠳᠤ᠂ ᠠᠵᠢᠯ ᠤᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠶ᠃ ᠤᠯᠤᠰ ᠤᠨ ᠲᠠᠯ᠎ᠠ ᠠᠴᠠ ᠨᠢᠭᠡᠨᠲᠡ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠮᠡᠳᠡᠭᠡᠯᠡᠯ ᠢ ᠬᠡᠷᠡᠭᠵᠢᠭᠦᠯᠵᠦ ᠪᠠᠶᠢᠨ᠎ᠠ︔ ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠮᠥᠷᠳᠡᠨ ᠬᠢᠨᠠᠨ ᠬᠡᠮᠵᠢᠵᠦ᠂ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠨ᠎ᠠ︔ ᠠᠶᠢᠮᠠᠭ ᠬᠤᠲᠠ ᠶᠢᠨ ᠲᠠᠯ᠎ᠠ ᠠᠴᠠ ᠨᠡᠷᠡᠰ ᠢ ᠲᠠᠨᠢᠯᠴᠠᠭᠤᠯᠤᠨ ᠬᠦᠷᠭᠡᠬᠦ᠂ ᠪᠠᠯᠠ ᠲᠣᠬᠢᠷᠠᠭᠤᠯᠭ᠎ᠠ ᠶᠢᠨ ᠠᠬᠢᠴᠠ ᠵᠡᠷᠭᠡ ᠪᠠᠶᠢᠳᠠᠯ ᠢ ᠰᠠᠷ᠎ᠠ ᠪᠠᠷ ᠮᠡᠳᠡᠭᠦᠯᠦᠨ᠎ᠡ᠃    ᠭᠤᠷᠪᠠ᠂ ᠲᠥᠷᠥ ᠶᠢᠨ ᠪᠣᠳᠣᠯᠭ᠎ᠠ ᠶᠢᠨ ᠬᠢᠯᠠᠰ ᠴᠡᠭ    ᠨᠢᠭᠡ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢ ᠨᠡᠭᠡᠭᠡᠨ ᠠᠰᠢᠭᠯᠠᠬᠤ ᠵᠦᠢᠯᠡᠰ ᠢᠶᠠᠷ ᠳ᠋ᠦᠢᠰᠢᠶᠠᠩ ᠪᠣᠯᠭᠠᠵᠤ᠂ ᠪᠡᠯᠠ ᠲᠤᠬᠢᠷᠡᠭᠤᠯᠭ᠎ᠠ ᠶᠢᠨ ᠳᠡᠮᠵᠢᠯᠭᠡ ᠦᠵᠡᠭᠦᠯᠵᠦ ᠪᠣᠯᠬᠤ ᠵᠦᠢᠯᠡᠰ ᠤᠨ ᠨᠡᠷᠡᠰ ᠢ ᠰᠤᠳᠤᠯᠤᠨ ᠳᠤᠷᠠᠳᠤᠨ᠎ᠠ᠃ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠲᠠᠯᠪᠢᠬᠤ ᠶᠢ ᠵᠣᠬᠢᠴᠠᠭᠤᠯᠵᠤ᠂ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠲᠦᠢᠯ ᠤᠨ ᠣᠨᠣᠪᠴᠢᠲᠠᠶ ᠪᠥᠭᠡᠳ ᠪᠦᠲᠦᠮᠵᠢᠲᠡᠶ ᠳᠡᠮᠵᠢᠨ᠎ᠡ᠃    ᠬᠤᠶᠠᠷ ᠲᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠨᠢᠭᠡ ᠬᠤᠲᠠ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠰᠠᠶᠢᠲᠤᠷ ᠬᠡᠷᠡᠭᠯᠡᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠰᠢᠨ᠎ᠡ ᠪᠠᠶᠢᠳᠠᠯ ᠳᠤ ᠵᠣᠬᠢᠴᠠᠭᠤᠯᠤᠨ᠎ᠠ᠃ ᠡᠭᠦᠨ ᠤ ᠵᠡᠷᠭᠡ ᠳᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠵᠤ᠂ ᠣᠷᠳᠣ ᠣᠬᠤᠷ ᠢ ᠤᠶᠠᠯᠳᠤᠭᠤᠯᠤᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠨ᠎ᠠ᠃     ᠲᠠᠶᠢᠯᠪᠤᠷᠢᠯᠠᠭᠴᠢ᠄ ᠵᠣᠣ ᠢ ᠹᠠᠨ᠂ ᠬᠠᠷᠢᠯᠴᠠᠬᠤ ᠤᠲᠠᠰᠤ᠄ 0471 - 3673797 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map