ᠦᠰᠦᠭ ᠪᠢᠴᠢᠭ ᠢᠶᠠᠷ ᠦᠭᠦᠯᠡᠭᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠠᠭᠠᠯᠠᠮᠵᠢ ᠶᠢᠨ ᠬᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/2/8
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠠᠭᠠᠯᠠᠮᠵᠢ ᠶᠢᠨ ᠬᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ︾ ︵ᠥᠪᠥᠷ ᠪᠠᠶᠢᠭᠤᠯᠤᠯᠲᠠ ᠬᠡᠷ ᠪᠠᠶᠢᠰᠢᠩ ﹇2024 ﹈ 24 ᠳ᠋ᠦ᠋ᠭᠡᠷ ᠲᠣᠭᠠᠲᠤ᠂ ᠳᠣᠷᠣᠭᠰᠢ ︽ᠵᠢᠱᠢᠶ᠎ᠡ ᠦᠵᠡᠭᠦᠯᠬᠦ ᠪᠢᠴᠢᠭ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠵᠢᠱᠢᠶ᠎ᠡ ᠦᠵᠡᠭᠦᠯᠬᠦ ᠲᠣᠪᠬᠢᠮᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠮᠡᠳᠡᠬᠦ ᠪᠠ ᠵᠥᠪ ᠢᠶᠠᠷ ᠣᠶᠢᠯᠠᠭᠠᠬᠤ ᠳᠤ ᠳᠥᠭᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠃    ᠨᠢᠭᠡ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠬᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠬᠤ ᠦᠢᠯᠡᠴᠢᠯᠡᠭᠡ ᠶᠢ ᠵᠢᠷᠤᠮᠵᠢᠭᠤᠯᠬᠤ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠠᠨᠠᠯ︾ ︵ᠬᠡᠷ ᠪᠠᠷᠢᠬᠤ ᠲᠣᠭᠲᠠᠭᠠᠯ ﹇2023﹈ 2 ᠳ᠋ᠤᠭᠠᠷ ᠲᠣᠭᠠᠲᠤ︶ ︽ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠦᠷ ᠬᠡᠷᠡᠭᠵᠢᠭᠦᠯᠬᠦ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠬᠠᠮᠢᠶ᠎ᠠ ᠪᠥᠬᠦᠶ ᠲᠠᠰ ᠳᠠᠷᠠᠭᠠᠯᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠠᠭᠠᠯᠠᠮᠵᠢ ᠶᠢᠨ ᠬᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ︾ ᠢ ᠳᠠᠷᠤᠮᠠᠯᠯᠠᠨ ᠲᠠᠷᠬᠠᠭᠠᠪᠠ᠃    ᠬᠤᠶᠠᠷ᠂ ᠠᠭᠤᠯᠭ᠎ᠠ ᠶᠢᠨ ᠭᠤᠣᠯ ᠵᠦᠢᠯ     ︽ᠵᠢᠱᠢᠶ᠎ᠡ ᠦᠵᠡᠭᠦᠯᠬᠦ ᠪᠢᠴᠢᠭ︾ ᠲᠤ ᠭᠤᠤᠯᠳᠠᠭᠤ 6 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃    ︵ᠨᠢᠭᠡ︶ ᠡᠯ᠎ᠡ ᠲᠠᠯ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠎ᠠ᠃ ᠭᠡᠷ᠎ᠡ ᠶᠢᠨ ᠲᠤᠬᠠᠢ ᠶᠢᠨ ᠬᠥᠮᠦᠨ ᠭᠡᠳᠡᠭ ᠨᠢ ᠬᠤᠳᠠᠯᠳᠤᠭᠠᠯᠠᠬᠤ ᠬᠤᠶᠠᠷ ᠲᠠᠯ᠎ᠠ ᠵᠢᠴᠢ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢᠨ ᠵᠠᠭᠤᠴᠢᠯᠠᠬᠤ ᠪᠠᠶᠢᠭᠤᠯᠤᠮᠵᠢ ᠶᠢ ᠵᠢᠭᠠᠵᠤ ᠪᠠᠶᠢᠨ᠎ᠠ᠃ ᠬᠤᠳᠠᠯᠳᠤᠭᠠᠯᠠᠬᠤ ᠬᠤᠶᠠᠷ ᠲᠠᠯ᠎ᠠ ᠪᠠᠷ ᠢᠶᠠᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠬᠤ ᠪᠠᠶᠢᠭᠤᠯᠤᠮᠵᠢ ᠪᠠᠷ ᠳᠡᠮᠵᠢᠨ ᠠᠷᠠᠯᠵᠢᠶᠠᠯᠠᠬᠤ ᠪᠠᠷ ᠪᠠᠶᠢᠭ᠎ᠠ ᠬᠠᠳᠠᠭᠠᠯᠠᠮᠵᠢ ᠶᠢᠨ ᠬᠡᠷ ᠪᠠᠶᠢᠰᠢᠩ ︵ᠭᠠᠷ ᠳᠠᠮᠵᠢᠭᠰᠠᠨ ᠬᠡᠷ ᠪᠠᠶᠢᠰᠢᠩ︶ ᠨᠢ᠂ ᠨᠢᠭᠡᠨᠲᠡ ᠲᠤᠬᠠᠶ ᠶᠢᠨ ᠭᠠᠵᠠᠷ ᠤᠨ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠪᠦᠷᠢᠳᠬᠡᠨ ᠳᠠᠩᠰᠠᠯᠠᠭᠤᠯᠤᠭᠰᠠᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠬᠤ ᠪᠠᠶᠢᠭᠤᠯᠤᠮᠵᠢ ᠶᠢ ᠰᠣᠩᠭᠤᠵᠤ ᠵᠠᠭᠤᠴᠢᠯᠠᠬᠤ ᠦᠢᠯᠡᠴᠢᠯᠡᠭᠡ ᠬᠠᠩᠭᠠᠬᠤ ᠬᠡᠷᠡᠭᠲᠡᠶ᠃ ᠡᠭᠦᠨ ᠤ ᠬᠠᠮᠲᠤ᠂ ᠭᠡᠷ᠎ᠡ ᠶᠢᠨ ᠪᠢᠴᠢᠭ ᠲᠤ ᠵᠠᠭᠤᠴᠢᠯᠠᠬᠤ ᠪᠠᠶᠢᠭᠤᠯᠤᠮᠵᠢ ᠶᠢᠨ ᠪᠦᠷᠢᠳᠬᠡᠨ ᠳᠠᠩᠰᠠᠯᠠᠭᠤᠯᠤᠭᠰᠠᠨ ᠭᠡᠷᠡᠴᠢ ᠶᠢᠨ ᠨᠣᠮᠧᠷ᠂ ᠵᠠᠭᠤᠴᠢᠯᠠᠬᠤ ᠠᠵᠢᠯᠲᠠᠨ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠨ᠎ᠠ᠃    ︵ᠬᠤᠶᠠᠷ︶ ᠭᠡᠷ ᠪᠠᠶᠢᠰᠢᠩ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠦᠨ᠎ᠡ᠃ ︽ᠵᠢᠱᠢᠶ᠎ᠡ ᠦᠵᠡᠭᠦᠯᠬᠦ ᠪᠢᠴᠢᠭ︾ ᠲᠤ ᠭᠡᠷ᠎ᠡ ᠳᠠᠬᠢ ᠬᠡᠷ ᠪᠠᠶᠢᠰᠢᠩ ᠤᠨ ᠪᠠᠶᠢᠷᠢᠯᠠᠯ᠂ ᠰᠢᠨᠵᠢ ᠴᠢᠨᠠᠷ᠂ ᠬᠡᠷᠡᠭᠴᠡᠭᠡ᠂ ᠪᠦᠲᠦᠴᠡ᠂ ᠥᠮᠴᠢᠯᠡᠬᠦ ᠡᠷᠬᠡ᠂ ᠪᠠᠶᠢᠭ᠎ᠠ ᠳᠠᠪᠬᠤᠷᠭ᠎ᠠ᠂ ᠳᠠᠭᠠᠯᠲᠠ ᠲᠥᠬᠦᠭᠡᠷᠦᠮᠵᠢ ᠪᠡᠯᠡᠳᠬᠡᠮᠵᠢ᠂ ᠵᠠᠰᠠᠵᠤ ᠴᠢᠮᠡᠭᠯᠡᠬᠦ᠂ ᠬᠠᠮᠢᠶ᠎ᠠ ᠪᠥᠬᠦᠶ ᠡᠳ᠋ ᠪᠣᠳᠠᠰ ᠵᠡᠷᠭᠡ ᠮᠡᠳᠡᠭᠡ ᠵᠠᠩᠭᠢ ᠶᠢᠨ ᠠᠭᠤᠯᠭ᠎ᠠ ᠶᠢ ᠵᠢᠷᠤᠮᠵᠢᠭᠤᠯᠤᠨ ᠨᠠᠷᠢᠯᠢᠬᠵᠢᠭᠤᠯᠪᠠ᠃ ᠬᠤᠳᠠᠯᠳᠤᠬᠤ ᠲᠠᠯ᠎ᠠ ᠠᠴᠠ ᠬᠡᠷ ᠪᠠᠶᠢᠰᠢᠩ ᠤᠨ ᠰᠢᠨᠵᠢ ᠴᠢᠨᠠᠷ ︵ᠪᠠᠷᠢᠴᠠᠭᠠᠯᠠᠵᠤ ᠪᠠᠶᠢᠴᠠᠭᠠᠨ ᠪᠢᠲᠡᠭᠦᠮᠵᠢᠯᠡᠬᠦ᠂ ᠤᠷᠢᠳᠠᠪᠠᠷ ᠬᠤᠳᠠᠯᠳᠤᠨ ᠠᠪᠬᠤ ᠡᠷᠬᠡ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠦᠨ᠎ᠡ ᠶᠢᠨ ᠵᠣᠭᠤᠰ ᠵᠡᠷᠭᠡ ᠶᠢ ᠨᠥᠬᠦᠨ ᠲᠤᠰᠢᠶᠠᠬᠤ ᠡᠰᠡᠬᠦ ᠵᠡᠷᠭᠡ︶ ᠳᠤ ᠴᠢᠬᠤᠯᠠ ᠪᠥᠬᠦᠶ ᠠᠮᠠᠯᠠᠯᠲᠠ ᠬᠢᠵᠦ᠂ ᠠᠷᠠᠯᠵᠢᠶᠠᠯᠠᠭᠰᠠᠨ ᠤ ᠳᠠᠷᠠᠭ᠎ᠠ ᠵᠢᠭᠤᠷᠠᠯᠳᠤᠭᠠᠨ ᠭᠠᠷᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃    ︵ᠭᠤᠷᠪᠠ︶ ᠵᠣᠭᠤᠰ ᠥᠭᠴᠦ ᠲᠤᠰᠢᠶᠠᠯᠭᠠᠬᠤ ᠶᠢ ᠲᠣᠳᠣᠷᠬᠠᠶᠢᠯᠠᠬᠤ ᠬᠡᠷᠡᠭᠲᠡᠶ᠃ ︽ᠵᠢᠱᠢᠶ᠎ᠡ ᠦᠵᠡᠭᠦᠯᠬᠦ ᠪᠢᠴᠢᠭ︾ ᠲᠤ ᠭᠡᠷ ᠪᠠᠶᠢᠰᠢᠩ ᠤᠨ ᠶᠡᠷᠦᠩᠬᠡᠶ ᠦᠨ᠎ᠡ᠂ ᠭᠠᠶᠢᠯᠢ ᠰᠦᠢᠳᠬᠡᠯ ᠲᠤᠰᠢᠶᠠᠬᠤ᠂ ᠵᠣᠭᠤᠰ ᠥᠭᠬᠦ ᠠᠷᠭ᠎ᠠ ᠮᠠᠶ᠋ᠢᠭ᠂ ᠵᠣᠭᠤᠰ ᠥᠭᠬᠦ ᠬᠤᠭᠤᠴᠠᠭ᠎ᠠ᠂ ᠵᠣᠭᠤᠰ ᠲᠤᠰᠢᠶᠠᠬᠤ ᠴᠠᠭ᠂ ᠲᠤᠰᠢᠶᠠᠬᠤ ᠪᠠᠷᠢᠮᠵᠢᠶ᠎ᠠ ᠵᠡᠷᠭᠡ ᠵᠦᠢᠯ ᠵᠤᠷᠪᠤᠰ ᠢ ᠨᠠᠷᠢᠨ ᠲᠣᠳᠣᠷᠬᠠᠶ ᠵᠢᠭᠰᠠᠭᠠᠵᠤ᠂ ᠬᠤᠶᠠᠷ ᠲᠠᠯ᠎ᠠ ᠪᠠᠷ ᠢᠶᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠨᠥᠬᠦᠷᠰᠡᠭ ᠢᠶᠠᠷ ᠵᠥᠪᠳᠡᠯᠴᠡᠭᠰᠡᠨ ᠤ ᠳᠠᠷᠠᠭ᠎ᠠ ᠬᠠᠮᠢᠶ᠎ᠠ ᠪᠦᠬᠦᠢ ᠠᠭᠤᠯᠭ᠎ᠠ ᠪᠠᠨ ᠨᠥᠬᠦᠪᠥᠷᠢᠯᠡᠨ ᠲᠡᠭᠦᠯᠳᠡᠷᠵᠢᠭᠦᠯᠵᠦ ᠪᠣᠯᠤᠨ᠎ᠠ᠃    ︵ᠳᠥᠷᠪᠡ︶ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠢ ᠳᠠᠩᠰᠠᠯᠠᠬᠤ᠃ ᠡᠯ᠎ᠡ ᠠᠶᠢᠮᠠᠭ ᠬᠤᠲᠠ ︵ᠬᠤᠰᠢᠭᠤ᠂ ᠰᠢᠶᠠᠨ᠂ ᠲᠣᠭᠤᠷᠢᠭ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ︽ᠵᠢᠱᠢᠶ᠎ᠡ ᠦᠵᠡᠭᠦᠯᠬᠦ ᠪᠢᠴᠢᠭ︾ ᠢ ᠠᠰᠢᠭᠯᠠᠨ ᠭᠡᠷ᠎ᠡ ᠲᠣᠭᠲᠠᠭᠰᠠᠨ ᠪᠠᠶᠢᠳᠠᠯ ᠳᠤ ᠴᠢᠭᠯᠡᠭᠦᠯᠦᠨ ᠳᠠᠩᠰᠠᠯᠠᠭᠤᠯᠵᠤ᠂ ᠭᠡᠷ᠎ᠡ ᠳᠤ ᠪᠦᠷᠢᠳᠬᠡᠨ ᠳᠠᠩᠰᠠᠯᠠᠬᠤ ᠺᠣᠳ᠋ ᠣᠯᠭᠤᠵᠤ᠂ ᠥᠯᠥ ᠬᠥᠳᠡᠯᠬᠦ ᠬᠥᠷᠥᠩᠭᠡ ᠶᠢ ᠰᠢᠯᠵᠢᠭᠦᠯᠦᠨ ᠳᠠᠩᠰᠠᠯᠠᠭᠤᠯᠬᠤ ᠶᠢ ᠭᠦᠢᠴᠡᠳᠭᠡᠬᠦ ᠠᠴᠠ ᠡᠮᠦᠨ᠎ᠡ᠂ ᠬᠤᠳᠠᠯᠳᠤᠬᠤ ᠲᠠᠯ᠎ᠠ ᠨᠢ ᠬᠡᠷ ᠪᠠᠶᠢᠰᠢᠩ ᠢᠶᠠᠨ ᠬᠤᠶᠠᠷ ᠤᠳᠠᠭ᠎ᠠ ᠪᠤᠶᠤ ᠣᠯᠠᠨ ᠲᠠᠯ᠎ᠠ ᠪᠠᠷ ᠪᠣᠷᠣᠯᠠᠭᠤᠯᠵᠤ᠂ ︽ᠨᠢᠭᠡ ᠬᠡᠷ ᠪᠠᠶᠢᠰᠢᠩ ᠢ ᠣᠯᠠᠨ ᠲᠠᠯ᠎ᠠ ᠪᠠᠷ ᠬᠤᠳᠠᠯᠳᠤᠬᠤ︾᠂ ︽ᠤᠷᠢᠳᠠᠪᠠᠷ ᠬᠤᠳᠠᠯᠳᠤᠵᠤ ᠳᠠᠷᠠᠭ᠎ᠠ ᠨᠢ ᠲᠤᠯᠭᠠᠬᠤ︾ ᠪᠣᠯᠭᠠᠵᠤ᠂ ᠠᠷᠠᠯᠵᠢᠶ᠎ᠠ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠂ ᠲᠥᠪ ᠭᠤᠤᠯᠴᠢ ᠴᠢᠨᠠᠷ ᠢ ᠦᠨᠡᠨᠬᠦ ᠬᠠᠮᠠᠭᠠᠯᠠᠬᠤ ᠬᠡᠷᠡᠭᠲᠡᠶ᠃    ︵ᠲᠠᠪᠤ︶ ᠪᠡᠯᠡ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠬᠤᠳᠠᠯᠳᠤᠭᠠᠯᠠᠬᠤ ᠬᠤᠶᠠᠷ ᠲᠠᠯ᠎ᠠ ᠪᠠᠷ ᠢᠶᠠᠨ ᠬᠡᠷ ᠪᠠᠶᠢᠰᠢᠩ ᠭᠠᠵᠠᠷ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ︽ᠵᠢᠱᠢᠶ᠎ᠡ ᠦᠵᠡᠭᠦᠯᠬᠦ ᠪᠢᠴᠢᠭ︾ ᠶᠢᠨ ᠭᠡᠷ᠎ᠡ ᠳᠤ᠂ ᠬᠤᠳᠠᠯᠳᠤᠭᠠᠨ ᠤ ᠪᠠᠩᠬᠢ ᠳᠤ ᠨᠠᠶᠢᠳᠠᠵᠤ ᠭᠤᠷᠪᠠᠳᠠᠬᠢ ᠡᠲᠡᠭᠡᠳ ᠢᠶᠠᠷ ᠠᠷᠠᠯᠵᠢᠶᠠᠨ ᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠭᠡᠷ ᠪᠠᠶᠢᠰᠢᠩ ᠤᠨ ᠠᠷᠠᠯᠵᠢᠶ᠎ᠠ ᠠᠴᠠ ᠪᠣᠯᠤᠭᠰᠠᠨ ᠪᠡᠯᠡ ᠮᠥᠩᠭᠦ ᠪᠤᠶᠤ ᠡᠳ᠋ ᠭᠦᠷᠦᠩᠭᠡ ᠶᠢᠨ ᠬᠤᠬᠢᠷᠠᠯ ᠤᠨ ᠲᠤᠬᠠᠢ ᠬᠤᠳᠠᠯᠳᠤᠭᠠᠯᠠᠬᠤ ᠬᠤᠶᠠᠷ ᠲᠠᠯ᠎ᠠ ᠶᠢᠨ ᠡᠷᠡᠭᠡᠯᠵᠡᠯ ᠢ ᠠᠷᠢᠯᠭᠠᠵᠤ᠂ ᠬᠤᠳᠠᠯᠳᠤᠭᠠᠯᠠᠬᠤ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠪᠠᠲᠤᠯᠠᠨ᠎ᠠ᠃    ︵ᠵᠢᠷᠭᠤᠭ᠎ᠠ︶ ᠡᠷᠬᠡ ᠠᠰᠢᠭ ᠤᠨ ᠪᠠᠲᠤᠯᠠᠭ᠎ᠠ ᠶᠢ ᠨᠠᠷᠢᠯᠢᠬᠵᠢᠭᠤᠯᠬᠤ ᠬᠡᠷᠡᠭᠲᠡᠶ᠃ ︽ᠵᠢᠱᠢᠶ᠎ᠡ ᠦᠵᠡᠭᠦᠯᠬᠦ ᠪᠢᠴᠢᠭ︾ ᠲᠤ ᠠᠷᠠᠯᠵᠢᠶᠠᠨ ᠤ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠵᠢᠴᠢ ᠬᠠᠤᠯᠢ ᠴᠠᠭᠠᠵᠠ ᠶᠢᠨ ᠡᠭᠦᠷᠭᠡ ᠶᠢᠨ ᠲᠤᠬᠠᠶ ᠲᠣᠳᠣᠷᠬᠠᠶ ᠪᠣᠯᠵᠣᠨ ᠲᠣᠭᠲᠠᠪᠠ᠂ ᠡᠭᠦᠨ ᠳᠤ ᠠᠳᠠᠯ ᠠᠬᠤᠶ ᠶᠢᠨ ᠦᠢᠯᠡᠴᠢᠯᠡᠭᠡ᠂ ᠲᠤᠰᠬᠠᠶ ᠰᠡᠯᠪᠢᠨ ᠵᠠᠰᠠᠬᠤ ᠪᠠᠯᠠ ᠮᠥᠩᠭᠦ᠂ ᠤᠰᠤ ᠴᠠᠬᠢᠯᠭᠠᠨ ᠰᠢᠲᠠᠮᠠᠬᠠᠶ ᠬᠡᠶ ᠳᠤᠯᠠᠭᠠᠯᠠᠭ᠎ᠠ ᠵᠡᠷᠭᠡ ᠶᠢᠨ ᠵᠠᠷᠤᠳᠠᠯ ᠢ ᠲᠡᠰᠦᠯᠦᠨ ᠪᠤᠳᠤᠬᠤ᠂ ᠣᠷᠣᠨ ᠰᠠᠭᠤᠴᠠ ᠬᠡᠷᠡᠭᠯᠡᠬᠦ ᠡᠷᠬᠡ᠂ ᠲᠦᠷᠢᠶᠡᠰᠦᠯᠡᠯ ᠤᠨ ᠪᠠᠶᠢᠳᠠᠯ᠂ ᠡᠷᠦᠬᠡ ᠠᠮᠠ ᠰᠢᠯᠵᠢᠭᠦᠯᠬᠦ ᠪᠣᠯᠵᠣᠯ᠂ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ᠂ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ ᠮᠠᠶ᠋ᠢᠭ ᠵᠡᠷᠭᠡ ᠠᠭᠤᠯᠭ᠎ᠠ ᠪᠠᠭᠲᠠᠵᠤ᠂ ᠬᠡᠷ ᠪᠠᠶᠢᠰᠢᠩ ᠤᠨ ᠦᠨ᠎ᠡ ᠠᠴᠠ ᠭᠠᠳᠠᠨ᠎ᠠ ᠡᠭᠦᠰᠦᠭᠰᠡᠨ ᠵᠠᠷᠤᠳᠠᠯ ᠤᠨ ᠵᠢᠭᠤᠷᠠᠯᠳᠤᠭᠠᠨ ᠠᠴᠠ ᠪᠦᠲᠦᠮᠵᠢᠲᠡᠶ ᠵᠠᠶᠢᠯᠠᠰᠬᠢᠪᠡ᠃    ᠭᠤᠷᠪᠠ᠂ ᠠᠵᠢᠯ ᠤᠨ ᠬᠠᠷᠠᠯᠲᠠ    ︽ᠵᠢᠱᠢᠶ᠎ᠡ ᠦᠵᠡᠭᠦᠯᠬᠦ ᠪᠢᠴᠢᠭ︾ ᠢ ᠬᠡᠷᠡᠭᠯᠡᠨ ᠬᠠᠳᠠᠭᠠᠯᠠᠮᠵᠢ ᠶᠢᠨ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠳᠠᠩᠰᠠᠯᠠᠯ ᠬᠢᠬᠦ ᠨᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠴᠢᠬᠤᠯᠠ ᠠᠷᠭ᠎ᠠ ᠪᠠᠷᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠣᠭ ᠤᠨ ᠪᠠᠶᠢᠭᠰᠠᠨ ᠬᠡᠷ ᠪᠠᠶᠢᠰᠢᠩ ᠤᠨ ᠠᠷᠠᠯᠵᠢᠶᠠᠨ ᠤ ᠭᠡᠷ᠎ᠡ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠪᠦᠷᠢᠳᠬᠡᠨ ᠳᠠᠩᠰᠠᠯᠠᠬᠤ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠪᠦᠷᠢᠳᠬᠡᠨ ᠳᠠᠩᠰᠠᠯᠠᠬᠤ ᠶᠢ ᠪᠥᠬᠦ ᠣᠷᠣᠨ ᠪᠦᠰᠡ ᠪᠠᠷ ᠪᠦᠷᠬᠦᠭᠦᠯᠬᠦ᠂ ᠪᠥᠬᠦ ᠦᠶᠡᠯᠡᠯ ᠢᠶᠠᠷ ᠬᠢᠨᠠᠨ ᠬᠠᠮᠢᠶᠠᠷᠬᠤ᠂ ᠪᠥᠬᠦ ᠲᠠᠯ᠎ᠠ ᠪᠠᠷ ᠪᠠᠲᠤᠯᠠᠬᠤ ᠶᠢ ᠪᠥᠬᠦ ᠬᠦᠴᠦᠨ ᠢᠶᠠᠷ ᠠᠬᠢᠭᠤᠯᠵᠤ᠂ ᠲᠦᠷᠢᠮ ᠨᠢ ᠲᠣᠳᠣᠷᠬᠠᠶ᠂ ᠲᠠᠰ ᠳᠠᠷᠠᠭᠠᠯᠠᠯ ᠨᠢ ᠵᠢᠷᠤᠮᠵᠢᠭᠰᠠᠨ᠂ ᠭᠦᠢᠴᠡᠳᠭᠡᠬᠦ ᠳᠤ ᠳᠥᠭᠦᠮ ᠳᠥᠲᠡ᠂ ᠠᠷᠠᠯᠵᠢᠶᠠᠯᠠᠬᠤ ᠳᠤ ᠡᠷᠬᠡ ᠲᠡᠭᠰᠢ ᠣᠭ ᠤᠨ ᠪᠠᠶᠢᠭᠰᠠᠨ ᠬᠡᠷ ᠪᠠᠶᠢᠰᠢᠩ ︵ᠭᠠᠷ ᠳᠠᠮᠵᠢᠭᠰᠠᠨ ᠬᠡᠷ ᠪᠠᠶᠢᠰᠢᠩ︶ ᠤᠨ ᠠᠷᠠᠯᠵᠢᠶᠠᠨ ᠤ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ᠎ᠠ᠃     ᠲᠠᠶᠢᠯᠪᠤᠷᠢᠯᠠᠭᠴᠢ᠄ ᠰᠤ᠋ ᠢᠦᠶ ᠂ ᠬᠠᠷᠢᠯᠴᠠᠬᠤ ᠠᠷᠭ᠎ᠠ ᠮᠠᠶ᠋ᠢᠭ᠄ 0471 - 6946850 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map