ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
    3 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠢ ᠡᠷᠬᠢᠯᠡᠭᠰᠡᠨ ᠪᠥᠭᠡᠳ ᠬᠤᠶᠠᠷ ᠬᠤᠷᠠᠯ ᠤᠨ ᠵᠣᠷᠢᠭ ᠰᠠᠨᠠᠭ᠎ᠠ ᠳᠤ ᠲᠠᠶᠢᠯᠦᠮᠵᠢ ᠬᠢᠵᠡᠢ᠃
640 (2).jpg
    ᠬᠤᠷᠠᠯ ᠠᠴᠠ᠂ ᠰᠠᠶ᠋ᠢᠬᠠᠨ ᠲᠡᠭᠦᠰᠦᠭᠰᠡᠨ ᠪᠦᠬᠦ ᠤᠯᠤᠰ ᠤᠨ ᠬᠤᠶᠠᠷ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠂ ᠬᠤᠷᠠᠯ ᠠᠴᠠ ᠬᠢᠨᠠᠨ ᠵᠥᠪᠯᠡᠵᠦ ᠬᠢᠨᠠᠨ ᠪᠠᠶᠢᠴᠠᠭᠠᠭᠰᠠᠨ ᠡᠯ᠎ᠡ ᠵᠦᠢᠯ ᠤᠨ ᠮᠡᠳᠡᠭᠦᠯᠦᠯᠲᠡ ᠪᠣᠯᠣᠨ ᠪᠢᠴᠢᠭ ᠮᠠᠲ᠋ᠧᠷᠢᠶᠠᠯ ᠨᠢ ᠲᠣᠪᠣᠶᠢᠮ᠎ᠠ ᠠᠮᠵᠢᠯᠲᠠ ᠪᠦᠲᠦᠮᠵᠢ ᠲᠠᠢ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠳᠡᠯᠭᠡᠨ ᠦᠵᠡᠭᠦᠯᠵᠦ᠂ ᠠᠤᠭ᠎ᠠ ᠶᠡᠭᠡ ᠬᠥᠭᠵᠢᠯᠲᠡ ᠶᠢᠨ ᠵᠢᠷᠤᠭ ᠲᠥᠰᠥᠪ ᠢ ᠵᠢᠷᠤᠭᠯᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠠᠵᠢᠯᠯᠠᠭ᠎ᠠ ᠂ ᠪᠣᠳᠠᠲᠠᠢ ᠠᠷᠭ᠎ᠠ ᠬᠡᠮᠵᠢᠶ᠎ᠡ ᠂ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠪᠡᠯᠡᠭ ᠬᠦᠷᠭᠡᠵᠦ᠂ ᠥᠪᠥᠷ ᠮᠣᠩᠭᠤᠯ ᠤᠨ ︽ᠰᠢᠨ᠎ᠡ ᠵᠠᠮ  ᠢ ᠨᠡᠭᠡᠭᠡᠵᠦ᠂ ᠳᠤᠮᠳᠠ ᠲᠦᠪᠰᠢᠨ ᠳᠤ ᠤᠷᠤᠬᠤ︾ ᠬᠠᠷᠠᠯᠲᠠ ᠶᠢ ᠪᠡᠶᠡᠯᠡᠭᠦᠯᠬᠦ ᠳᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠰᠢᠨ᠎ᠡ ᠡᠯᠧᠮᠧᠨ᠋ᠲ ᠦᠢᠯᠡᠳᠪᠦᠷᠢᠯᠡᠯ ᠤᠨ ᠬᠦᠴᠦᠨ ᠢᠶᠠᠷ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ ᠤᠯᠭᠤᠨ᠎ᠠ᠃ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠰᠢᠨ᠎ᠡ ᠡᠯᠧᠮᠧᠨ᠋ᠲ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠤᠨ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠳᠠᠰᠤᠷᠠᠯᠳᠠ ᠦᠭᠡᠢ ᠨᠡᠭᠡᠭᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠪᠠᠷᠢᠯᠭ᠎ᠠ ᠶᠢᠨ ᠦᠢᠯᠡᠰ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠠᠳᠬᠤᠵᠤ᠂ ᠠᠵᠤ ᠦᠢᠯᠡᠰ ᠤᠨ ᠪᠦᠲᠦᠴᠡ᠂ ᠪᠠᠶᠢᠭᠤᠯᠬᠤ ᠠᠷᠭ᠎ᠠ ᠬᠡᠯᠪᠡᠷᠢ᠂ ᠡᠩᠨᠡᠭᠡᠨ ᠤ ᠬᠡᠪ ᠴᠢᠨᠠᠷ᠂ ᠶᠠᠰᠤ ᠴᠢᠨᠠᠷ ᠤᠨ ᠠᠮᠤᠷ ᠲᠦᠪᠰᠢᠨ ᠵᠡᠷᠭᠡ ᠬᠦᠷᠢᠶᠡᠨ ᠤ ᠥᠭᠡᠷᠡᠴᠢᠯᠡᠯᠲᠡ ᠰᠢᠨᠡᠴᠢᠯᠡᠯᠲᠡ ᠶᠢ ᠲᠦᠷᠭᠡᠳᠬᠡᠵᠦ᠂ ᠠᠵᠤ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠮᠡᠷᠭᠡᠵᠢᠯ ᠢ ᠳᠡᠯᠭᠡᠷᠡᠭᠦᠯᠬᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠬᠤ᠂ ᠰᠢᠨ᠎ᠡ ᠳᠠᠪᠠᠭᠤᠯᠢᠭ ᠢ ᠪᠤᠢ ᠪᠣᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠭᠤᠣᠯᠳᠠᠯᠭ᠎ᠠ ᠪᠣᠯᠭᠠᠵᠤ᠂ ᠵᠠᠬ᠎ᠠ ᠳᠡᠯᠭᠡᠭᠦᠷᠴᠢᠯᠡᠬᠦ ᠬᠠᠤᠯᠢᠵᠢᠯ ᠤᠨ ᠳᠡᠯᠡᠬᠡᠶᠢᠵᠢᠯᠲᠡ ᠶᠢᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠯ᠎ᠡ ᠲᠦᠷᠦᠯ ᠤᠨ ᠰᠢᠯᠢᠳᠡᠭ ᠡᠬᠢ ᠪᠠᠶᠠᠯᠢᠭ ᠤᠨ ᠡᠯᠧᠮᠧᠨ᠋ᠲ ᠢ ᠰᠢᠨ᠎ᠡ ᠡᠯᠧᠮᠧᠨ᠋ᠲ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠡᠰᠢ ᠰᠢᠯᠤᠭᠤᠬᠠᠨ ᠰᠢᠯᠵᠢᠭᠦᠯᠬᠦ ᠬᠡᠷᠡᠭᠲᠡᠢ᠃ ᠨᠠᠷᠢᠯᠢᠭ ᠣᠨᠣᠴᠠᠲᠠᠢ ᠪᠠᠷ ᠬᠦᠰᠦᠨᠦᠭᠲᠦ  ᠲᠠᠢ ᠬᠠᠷᠭᠤᠭᠤᠯᠵᠤ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠬᠤ ᠪᠠᠷ ᠠᠷᠭ᠎ᠠ ᠰᠦᠪᠡᠭᠴᠢᠯᠡᠨ᠎ᠡ᠃ ᠪᠥᠬᠦ ᠤᠯᠤᠰ ᠤᠨ ᠬᠤᠶᠠᠷ ᠬᠤᠷᠠᠯ ᠤᠨ ᠰᠢᠷᠢᠰ ᠪᠢᠴᠢᠭ ᠮᠠᠲ᠋ᠧᠷᠢᠶᠠᠯ ᠢᠯᠠᠩᠭᠤᠶ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ‌‍ᠶᠢᠨ ᠬᠦᠷᠢᠶᠡᠨ ᠳᠠᠬᠢ ᠬᠤᠯᠪᠣᠭᠳᠠᠯ ᠪᠦᠬᠦᠢ ᠠᠵᠢᠯ ᠢ ᠣᠯᠠᠨᠲᠠ ᠳᠤᠷᠠᠳᠤᠭᠰᠠᠨ ᠪᠣᠯᠬᠤᠷ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠠᠷᠢᠭᠤᠨ ᠴᠡᠪᠡᠷ ᠢᠶᠠᠷ ᠳᠤᠯᠠᠭᠠᠯᠠᠬᠤ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠤᠶᠠᠨ ᠬᠠᠲᠠᠨ ᠴᠢᠨᠠᠷᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠠᠯᠢ ᠲᠦᠷᠭᠡᠨ ᠢᠶᠠᠷ ᠦᠨᠡᠨ ᠪᠣᠳᠠᠲᠠᠢ ᠠᠬᠢᠯᠲᠠ ᠲᠠᠢ ᠪᠣᠯᠭᠠᠬᠤ ᠬᠡᠷᠡᠭᠲᠡᠢ᠃ ᠨᠢᠭᠡᠨᠲᠡ ᠪᠠᠶᠢᠭ᠎ᠠ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠪᠦᠬᠦ ᠤᠯᠤᠰ ᠤᠨ ᠬᠤᠶᠠᠷ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ᠂ ᠬᠠᠷᠠᠯᠲᠠ ᠡᠭᠦᠷᠭᠡ ᠪᠠᠨ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠣᠷᠣᠨ ᠰᠠᠭᠤᠴᠠ ᠶᠢᠨ ᠪᠠᠲᠤᠯᠠᠭ᠎ᠠ᠂ ᠬᠤᠳᠠ ᠶᠢᠨ ᠰᠢᠨᠡᠴᠢᠯᠡᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠢᠯᠴᠢ ᠬᠠᠩᠭᠠᠯᠭ᠎ᠠ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠠᠵᠢᠯ ᠢ ᠱᠠᠯᠠᠪᠳᠠᠨ ᠠᠬᠢᠭᠤᠯᠵᠤ᠂ ᠠᠤᠭ᠎ᠠ ᠶᠡᠭᠡ ᠵᠢᠷᠤᠭ ᠲᠥᠯᠥᠪᠯᠡᠭᠡ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠨ᠎ᠠ᠃ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠭᠰᠠᠨ ᠤ ᠬᠤᠪᠢ ᠳᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠪᠠ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ᠂ ᠰᠤᠷᠤᠯᠴᠠᠯᠭ᠎ᠠ ᠤᠬᠠᠭᠤᠯᠭ᠎ᠠ ᠲᠤᠭᠤᠰᠢᠯᠠᠭᠤᠯᠤᠯᠳᠠ ᠶᠢᠨ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠤᠳᠤᠷᠢᠳᠬᠤ ᠺᠠᠳ᠋ᠷ ᠲᠦᠷᠦᠭᠦᠯᠡᠨ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠨ ᠯᠠᠪᠳᠠᠭᠤᠨ ᠪᠠᠲᠤᠲᠠᠢ ᠬᠡᠷᠡᠭᠵᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ ᠰᠤᠳᠤᠯᠭᠠᠨ ᠲᠥᠯᠦᠪᠵᠢᠭᠦᠯᠭᠡ ᠶᠢ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠷᠠᠳ ᠤᠯᠠᠨ ᠤ ᠮᠡᠳᠡᠷᠡᠵᠦ ᠪᠣᠯᠬᠤ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
640.jpg
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠬᠦ ᠦᠶ᠎ᠡ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠢᠮᠠᠭᠲᠠ ︽ᠬᠤᠶᠠᠷ ᠢ ᠲᠤᠭᠳᠠᠭᠠᠭᠰᠠᠨ︾ ᠶᠢ ᠬᠦᠷᠢᠶᠡᠯᠡᠬᠦ᠂ ︽ᠬᠤᠶᠠᠷ ᠢ ᠬᠦᠷᠢᠶᠡᠯᠡᠭᠦ︾ ᠶᠢ ᠪᠡᠶᠡᠯᠡᠭᠦᠯᠬᠦ ᠪᠠᠷ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠠ ᠤᠯᠤᠰ ᠲᠥᠷᠥ ᠶᠢᠨ ᠶᠣᠰᠣ ᠳᠦᠷᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠤᠯᠤᠰ ᠲᠦᠷᠦ ᠶᠢᠨ ᠤᠨᠤᠯ  ᠤᠨ ᠰᠤᠷᠤᠯᠴᠠᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠣᠯᠣᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠤᠨ ᠰᠠᠭᠤᠷᠢ ᠪᠠᠨ ᠪᠠᠲᠤᠳᠬᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ︽ᠵᠢᠷᠭᠤᠭᠠᠨ ᠢᠨᠵᠧᠨᠧᠷᠢᠩ︾ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠦᠷ᠎ᠡ ᠳ᠋ᠦᠩ ᠣᠯᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠤᠬᠠᠮᠰᠠᠷ ᠠᠴᠠ ᠪᠠᠨ ᠭᠦᠢᠴᠡᠳᠭᠡᠭᠴᠢ ᠶᠢᠨ ᠠᠵᠢᠯᠯᠠᠭ᠎ᠠ ᠶᠢᠨ ᠪᠣᠳᠠᠲᠠᠢ ᠠᠵᠢᠯᠯᠠᠭᠴᠢ ᠪᠣᠯᠵᠤ᠂ ᠨᠢᠭᠡᠳᠦᠭᠡᠷ ᠤᠯᠠᠷᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠷᠢᠨ ᠬᠢᠨᠠᠮᠠᠭᠠᠢ ᠪᠦᠷᠢᠳᠬᠡᠵᠦ᠂ ᠲᠦᠷᠦᠯ ᠵᠦᠢᠯᠴᠢᠯᠡᠨ ᠠᠬᠢᠭᠤᠯᠬᠤ᠂ ᠵᠠᠩᠭᠢᠯᠠᠭ᠎ᠠ ᠭᠤᠭᠴᠤᠭ᠎ᠠ ᠶᠢ ᠡᠵᠡᠮᠳᠡᠬᠦ ᠶᠢ ᠪᠠᠷᠢᠮᠲᠠᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠨᠢᠭᠡᠳᠦᠭᠡᠷ ᠤᠯᠠᠷᠢᠯ ᠳᠤ ᠬᠦᠴᠦᠯᠡᠨ ᠰᠢᠪᠲᠤᠯᠤᠯᠲᠠ ᠬᠢᠵᠦ᠂ ᠰᠠᠶᠢᠨ ᠡᠬᠢᠯᠡᠯᠲᠡ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠠᠵᠤ ᠠᠬᠤᠢ ᠶᠢ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠠᠵᠢᠯ ᠤᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠬᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ  ᠶᠢ ᠪᠠᠷᠢᠮᠲᠠᠯᠠᠵᠤ᠂ ᠲᠡᠷᠢᠭᠦᠨ ᠤ ᠬᠢ ᠶᠢ ᠵᠣᠷᠢᠭᠵᠢᠭᠤᠯᠬᠤ᠂ ᠬᠤᠴᠣᠷᠤᠩᠭᠤᠢ ᠶᠢ ᠰᠢᠭᠰᠢᠭᠳᠡᠭᠦᠯᠬᠦ ᠶᠢ ᠪᠠᠷᠢᠮᠲᠠᠯᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ᠂ ᠡᠮᠬᠢ ᠵᠢᠷᠤᠮ ᠲᠠᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠪᠠᠷ ᠦᠢᠯᠡᠳᠪᠦᠷᠢᠯᠡᠯ ᠤᠨ ᠴᠢᠳᠠᠪᠤᠷᠢ ᠶᠢᠨ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠳᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠬᠤᠪᠢᠷᠠᠭᠤᠯᠬᠤ ᠵᠠᠮ ᠢᠶᠠᠷ ᠰᠠᠶᠢᠲᠤᠷ ᠵᠠᠮᠨᠠᠵᠤ᠂ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠳᠠᠰᠢ ᠥᠷᠭᠡᠳᠬᠡᠨ᠂ ᠪᠠᠷᠢᠯᠭ᠎ᠠ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠤᠨ ᠳᠡᠮᠵᠢᠵᠦ᠂ ᠢᠯᠴᠢ ᠶᠢᠨ ᠡᠨᠧᠷᠭᠢ᠂ ᠨᠡᠷᠡᠨ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠂ ᠪᠣᠬᠢᠷᠲᠤᠯ ᠦᠭᠡᠢ ᠪᠠᠷᠢᠯᠭ᠎ᠠ᠂ ᠬᠡᠲᠦ ᠪᠠᠭ᠎ᠠ ᠡᠨᠧᠷᠭᠢ ᠶᠢᠨ ᠬᠤᠷᠣᠭᠳᠠᠭᠤᠯᠤᠯ ᠤᠨ ᠪᠠᠷᠢᠯᠭ᠎ᠠ᠂ ᠪᠠᠷᠤᠭ ᠲᠡᠭ ᠡᠨᠧᠷᠭᠢ ᠶᠢᠨ ᠬᠤᠷᠣᠭᠳᠠᠭᠤᠯᠤᠯ ᠤᠨ ᠪᠠᠷᠢᠯᠭ᠎ᠠ ᠳᠤ ᠤᠷᠢᠳᠠᠪᠠᠷ ᠡᠨᠧᠷᠭᠢ ᠶᠢᠨ ᠠᠰᠢᠭᠯᠠᠮᠵᠢ ᠲᠠᠢ ᠲᠡᠷᠢᠭᠦᠨ ᠤ ᠦᠢᠯᠡᠳᠬᠦᠨ ᠲᠥᠬᠦᠭᠡᠷᠦᠮᠵᠢ ᠶᠢ ᠰᠢᠨ᠎ᠡ ᠪᠠᠷ ᠬᠡᠷᠡᠭᠯᠡᠬᠦ ᠶᠢ ᠠᠬᠢᠭᠤᠯᠤᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠲᠠᠨ ᠴᠢᠨᠠᠷᠲᠠᠢ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠢᠯᠴᠢ ᠬᠠᠩᠭᠠᠬᠤ ᠪᠠ ᠰᠢᠲᠠᠮᠠᠬᠠᠢ ᠬᠡᠢ ᠶᠢᠨ ᠬᠦᠷᠢᠶᠡᠨ ᠳᠤ ᠪᠣᠳᠠᠰ ᠤᠨ ᠬᠤᠯᠪᠣᠭ᠎ᠠ ᠶᠢᠨ ᠰᠡᠷᠡᠯ ᠤᠨ ᠰᠢᠰᠲ᠋ᠧᠮ ᠢ ᠭᠤᠣᠯᠳᠠᠯᠭ᠎ᠠ ᠲᠠᠢ ᠪᠠᠶᠢᠭᠤᠯᠵᠤ᠂ ᠪᠥᠬᠦ ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠬᠢᠨᠠᠨ ᠬᠡᠮᠵᠢᠬᠦ ᠲᠣᠣᠷ ᠢ ᠪᠦᠷᠢᠯᠳᠦᠭᠦᠯᠦᠨ᠎ᠡ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠨᠡᠩ ᠤᠯᠠᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠲᠥᠬᠦᠭᠡᠷᠦᠮᠵᠢ ᠶᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠬᠡᠷᠡᠭᠯᠡᠨ ᠳᠡᠯᠭᠡᠷᠡᠭᠦᠯᠵᠦ᠂ ᠭᠡᠷ ᠪᠠᠶᠢᠰᠢᠩ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢ ᠳᠠᠪᠬᠤᠴᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠲᠠᠢ ᠤᠶᠠᠯᠳᠤᠭᠤᠯᠤᠨ ᠬᠠᠭᠤᠴᠢᠨ ᠴᠠᠬᠢᠯᠭᠠᠨ ᠱᠠᠲᠤ ᠶᠢ ᠰᠢᠨᠡᠳᠬᠡᠬᠦ ᠪᠠ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠪᠠᠯᠭᠠᠰᠤ ᠶᠢᠨ ᠭᠠᠵᠠᠷ ᠳᠣᠣᠷᠠᠬᠢ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠲᠠᠢ ᠤᠶᠠᠯᠳᠤᠭᠤᠯᠤᠨ ᠬᠤᠲᠠ ᠪᠠᠯᠭᠠᠰᠤ ᠶᠢᠨ ᠤᠰᠤ ᠬᠠᠩᠭᠠᠬᠤ᠂ ᠪᠣᠬᠢᠷ ᠤᠰᠤ ᠶᠢ ᠰᠢᠢᠳᠪᠦᠷᠢᠯᠡᠬᠦ᠂ ᠢᠯᠴᠢ ᠬᠠᠩᠭᠠᠬᠤ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠠᠢ ᠤᠶᠠᠯᠳᠤᠭᠤᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠤᠶᠠᠨ ᠴᠢᠨᠠᠷ ᠢ ᠳᠡᠭᠡᠭᠰᠢᠯᠡᠭᠦᠯᠦᠨ᠎ᠡ ᠭᠡᠵᠦ ᠱᠠᠭᠠᠷᠳᠠᠪᠠ᠃     ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠨᠡ ᠵᠢᠯ ᠤᠨ ᠠᠵᠢᠯ ᠢ ᠰᠠᠶᠢᠲᠤᠷ ᠬᠢᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠣᠶᠢᠯᠠᠭᠠᠨ ᠡᠵᠡᠮᠳᠡᠵᠦ᠂ ᠮᠥᠩᠭᠦᠨ ᠭᠦᠢᠯᠭᠡᠭᠡᠨ ᠤ ᠪᠠᠭᠠᠵᠢ ᠶᠢ ᠰᠠᠶᠢᠲᠤᠷ ᠬᠡᠷᠡᠭᠯᠡᠨ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠳᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠮᠥᠩᠭᠦᠨ ᠭᠦᠢᠯᠭᠡᠭᠡ ᠪᠣᠯᠣᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠢ ᠠᠬᠢᠭᠤᠯᠵᠤ᠂ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ  ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠠᠳᠠᠯᠢ ᠪᠤᠰᠤ ᠥᠮᠴᠢᠯᠡᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡ ᠯᠡ ᠠᠳᠠᠯᠢ ᠪᠠᠷ ᠬᠠᠩᠭᠠᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ︽ᠴᠠᠭᠠᠨ ᠲᠠᠩᠰᠠ︾ ᠶᠢᠨ ᠲᠥᠷᠥᠯ ᠵᠦᠢᠯ ᠢ ᠰᠣᠩᠭᠤᠨ ᠬᠦᠷᠭᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ  ᠪᠠᠷ ᠳᠡᠮᠵᠢᠨ᠎ᠡ᠃ ᠬᠥᠮᠥᠨ᠂ ᠭᠡᠷ ᠪᠠᠶᠢᠰᠢᠩ᠂ ᠭᠠᠵᠠᠷ ᠰᠢᠷᠣᠢ᠂ ᠵᠣᠭᠤᠰᠤᠨ ᠤ ᠬᠦᠴᠦᠨ ᠵᠦᠢᠯ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠣᠷᠣᠨ ᠰᠠᠭᠤᠴᠠ᠂ ᠪᠡᠯᠡᠨ ᠭᠡᠷ ᠪᠠᠶᠢᠰᠢᠩ ᠪᠣᠷᠣᠯᠠᠭᠤᠯᠬᠤ᠂ ᠪᠠᠲᠤᠯᠠᠭᠠᠲᠤ ᠲᠤᠰᠢᠶᠠᠬᠤ ᠠᠰᠠᠷ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠢᠵᠢ ᠪᠦᠷᠢᠳᠦᠭᠰᠡᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠲᠥᠷᠥᠯ ᠵᠦᠢᠯ ᠢ ᠡᠮᠬᠢ ᠵᠢᠷᠤᠮ ᠲᠠᠢ ᠪᠠᠶᠢᠭᠤᠯᠬᠤ ᠶᠢ ᠲᠦᠯᠬᠢᠨ ᠠᠬᠢᠭᠤᠯᠵᠤ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠲᠦᠷᠭᠡᠬᠡᠨ ᠪᠣᠶ ᠪᠣᠯᠭᠠᠬᠤ ᠬᠡᠷᠡᠭᠲᠡᠢ ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠡ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠪᠠᠷᠢᠯᠭ᠎ᠠ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠬᠠᠭᠤᠴᠢᠨ ᠬᠤᠭᠤᠯᠠᠢ ᠲᠣᠣᠷ ᠢ ᠥᠭᠡᠷᠡᠴᠢᠯᠡᠨ ᠰᠢᠨᠡᠳᠬᠡᠬᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠤᠭᠤᠳᠴᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠳᠤ ᠦᠷᠭᠦᠯᠵᠢᠯᠡᠨ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠳᠡᠢ ᠭᠡᠵᠦ ᠱᠠᠭᠠᠷᠳᠠᠪᠠ᠃     ᠬᠤᠷᠠᠯ ᠠᠴᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠡᠷᠡᠭᠲᠡᠢ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠬᠤ᠂ ᠰᠢᠨ᠎ᠡ ᠴᠠᠭ ᠦᠶ᠎ᠡ ᠶᠢᠨ ᠨᠢᠭᠤᠴᠠ ᠶᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ ᠬᠤᠷᠢᠭᠯᠠᠯᠲᠠ ᠶᠢᠨ ᠵᠢᠭᠰᠠᠭᠠᠯ ᠤᠨ ᠭᠠᠵᠠᠷ ᠢᠶᠠᠨ ᠰᠠᠨᠠᠭᠠᠴᠢᠯᠠᠭ᠎ᠠ ᠠᠴᠠ ᠪᠠᠨ ᠥᠷᠭᠡᠳᠬᠡᠵᠦ᠂ ᠭᠤᠣᠯᠳᠠᠯᠭ᠎ᠠ ᠲᠠᠢ ᠨᠢᠭᠤᠴᠠ ᠶᠢ ᠬᠠᠮᠠᠭᠠᠯᠠᠬᠤ ᠮᠡᠷᠭᠡᠵᠢᠯ ᠢ ᠣᠶᠤᠨᠲᠤ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠵᠡᠷᠭᠡ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯ ᠬᠦᠷᠢᠶᠡᠨ ᠤ ᠨᠢᠭᠤᠴᠠ ᠶᠢ ᠬᠠᠮᠠᠭᠠᠯᠠᠬᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠰᠠᠶᠢᠲᠤᠷ ᠠᠳᠬᠤᠨ᠎ᠠ᠃ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠤᠴᠠ ᠳᠤ ᠬᠤᠯᠪᠣᠭᠳᠠᠬᠤ ᠬᠥᠮᠥᠰ᠂ ᠨᠢᠭᠤᠴᠠ ᠳᠤ ᠬᠤᠯᠪᠣᠭᠳᠠᠬᠤ ᠰᠦᠯᠵᠢᠶ᠎ᠡ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ᠂ ᠨᠢᠭᠤᠴᠠ ᠳᠤ ᠬᠤᠯᠪᠣᠭᠳᠠᠬᠤ ᠵᠠᠭᠤᠴᠢᠯᠠᠭᠤᠷ ᠤᠨ ᠨᠢᠭᠤᠴᠠ  ᠶᠢ ᠬᠠᠮᠠᠭᠠᠯᠠᠬᠤ ᠬᠠᠮᠢᠶᠠᠷᠤᠯᠲᠠ ᠶᠢ ᠴᠢᠩᠳᠠᠯᠠᠵᠤ᠂ ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠲᠢᠩᠬᠢᠮ ᠤᠨ ᠠᠯᠪᠠᠨ ᠭᠡᠷ
Baidu
map